蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠬᠠᠭᠠᠰ ᠵᠢᠯ ᠦᠪᠦᠷ ᠮᠣᠩᠭᠣᠯ ᠤᠨ ᠲᠠᠷᠢᠶᠠᠴᠢᠳ ᠤᠨ ᠲᠤᠰᠬᠠᠢ ᠬᠤᠷᠰᠢᠶᠠᠨ ᠤ ᠬᠦᠭ᠍ᠵᠢᠯᠲᠠ ᠶᠢᠨ ᠬᠠᠨᠳᠤᠰᠢ ᠰᠠᠶᠢᠨ ᠪᠠᠶᠢᠯ᠎ᠠ

2017-08-18 11:06

    ᠲᠦᠷᠦᠭᠦᠦ ᠬᠠᠭᠠᠰ ᠵᠢᠯ᠂ ᠤᠷᠤᠨ ᠳᠠᠶᠠᠭᠠᠷ ᠤᠨ ᠰᠢᠨ᠎ᠠ ᠪᠡᠷ ᠪᠦᠷᠢᠳᠭᠡᠭᠦᠯᠦᠭᠰᠡᠨ ᠲᠠᠷᠢᠶᠠᠴᠢᠳ ᠤᠨ ᠲᠤᠰᠬᠠᠢ ᠬᠤᠷᠰᠢᠶ᠎ᠠ 6041 ᠡᠷᠦᠬᠡ ᠳᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 23.87% ᠪᠡᠷ ᠨᠡᠮᠡᠭᠳᠡᠪᠡ᠃ ᠡᠭᠦᠨ ᠳᠤ ᠲᠠᠷᠢᠮᠠᠯ ᠤᠨ ᠦᠢᠯᠡᠰ᠂ ᠲᠡᠵᠢᠬᠡᠨ ᠦᠷᠡᠵᠢᠭᠦᠯᠬᠦ ᠦᠢᠯᠡᠰ ᠪᠤᠯᠤᠨ ᠲᠠᠷᠢᠶᠠᠯᠠᠩ ᠤᠨ ᠪᠦᠲᠦᠭᠡᠭ᠍ᠲᠡᠭᠦᠨ ᠪᠤᠷᠤᠯᠠᠭᠤᠯᠬᠤ ᠦᠢᠯᠡᠰ ᠤᠨ ᠰᠢᠨ᠎ᠠ ᠪᠡᠷ ᠪᠦᠷᠢᠳᠭᠡᠭᠦᠯᠦᠭᠰᠡᠨ ᠡᠷᠦᠬᠡ ᠨᠡᠮᠡᠭᠳᠡᠪᠡ᠂ ᠤᠨᠴᠠᠭᠠᠶᠢᠯᠠᠨ ᠲᠠᠷᠢᠮᠠᠯ ᠤᠨ ᠦᠢᠯᠡᠰ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 53.47% ᠪᠡᠷ ᠨᠡᠮᠡᠭᠳᠡᠵᠠᠢ᠃ ᠤᠳᠤᠬᠠᠨ ᠪᠤᠯᠲᠠᠯ᠎ᠠ᠂ ᠤᠷᠤᠨ ᠳᠠᠶᠠᠭᠠᠷ ᠤᠨ ᠲᠠᠷᠢᠶᠠᠴᠢᠳ  ᠤᠨ ᠲᠤᠰᠬᠠᠢ ᠬᠤᠷᠰᠢᠶ᠎ᠠ ᠳᠤ ᠨᠡᠶᠢᠲᠡ 8.13 ᠲᠦᠮᠡᠨ ᠡᠷᠦᠬᠡ ᠲᠠᠢ ᠪᠤᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 6.57% ᠪᠡᠷ ᠨᠡᠮᠡᠭᠳᠡᠨ᠂ ᠰᠠᠩ ᠬᠦᠤᠵᠢᠭᠦᠯᠦᠭᠰᠡᠨ ᠶᠡᠷᠦᠩᠬᠡᠢ ᠦᠷᠲᠡᠭ ᠨᠢ 1942.62 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 7.73% ᠪᠡᠷ ᠨᠡᠮᠡᠭᠳᠡᠭᠰᠡᠨ ᠪᠠᠶᠢᠨ᠎ᠠ᠃ ᠡᠷᠦᠬᠡ ᠶᠢᠨ ᠳᠤᠮᠳᠠᠴᠢ ᠰᠠᠩ ᠬᠦᠤᠵᠢᠭᠦᠯᠦᠭᠰᠡᠨ ᠦᠷᠲᠡᠭ ᠨᠢ 239 ᠲᠦᠮᠡᠨ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 1.05% ᠪᠡᠷ ᠨᠡᠮᠡᠭᠳᠡᠨ᠂ ᠭᠡᠰᠢᠭᠦᠳ ᠤᠨ ᠶᠡᠷᠦᠩᠬᠡᠢ ᠲᠤᠭ᠎᠎ᠠ ᠨᠢ 56.42 ᠲᠦᠮᠡ᠂ ᠦᠩᠭᠡᠷᠡᠭᠰᠡᠨ ᠤᠨ ᠤ ᠮᠦᠨ ᠦᠶ᠎ᠠ ᠡᠴᠡ 1% ᠪᠡᠷ ᠨᠡᠮᠡᠭᠳᠡᠪᠠ᠃ ᠲᠤᠬᠠᠶᠢᠯᠠᠭᠰᠠᠨ ᠠᠵᠢᠯ ᠤᠨ ᠬᠦᠷᠢᠶ᠎ᠠ ᠴᠠᠷᠠᠭ᠎ᠠ ᠡᠴᠡ ᠠᠪᠴᠤ ᠦᠵᠡᠪᠡᠯ᠂ ᠲᠠᠷᠢᠮᠠᠯ ᠤᠨ ᠦᠢᠯᠡᠰ ᠪᠤᠯᠤᠨ ᠲᠡᠵᠢᠭᠡᠨ ᠦᠷᠡᠵᠢᠭᠦᠯᠬᠦ ᠦᠢᠯᠡᠰ ᠬᠢᠵᠤ ᠪᠠᠶᠢᠭ᠎ᠠ ᠬᠦᠮᠦᠨ ᠤ ᠲᠤᠭ᠎ᠠ ᠬᠠᠮᠤᠭ ᠤᠨ ᠠᠷᠪᠢᠨ᠂ 4.88 ᠲᠦᠮᠡᠨ ᠡᠷᠦᠬᠡ ᠳᠤ ᠬᠦᠷᠴᠤ᠂ ᠶᠡᠷᠦᠩᠬᠡᠢ ᠡᠷᠦᠬᠡ ᠶᠢᠨ ᠲᠤᠭᠠᠨ ᠤ 60% ᠶ᠋ᠢ ᠡᠵᠡᠯᠡᠵᠤ ᠪᠤᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121504417