蒙古文网站Logo
ᠰᠢᠨᠬᠤᠸᠠ ᠮᠤᠩᠭ᠋ᠤᠯ ᠨᠧᠲ

7 ᠰᠠᠷ᠎᠎ᠠ ᠳᠤ ᠦᠪᠦᠷ ᠮᠣᠩᠭᠣᠯ ᠤᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠠ ᠬᠠᠩᠰᠢ ᠦᠩᠭᠡᠷᠡᠭᠰᠡᠨ ᠤᠨ ᠤ ᠮᠦᠨ ᠦᠶ᠎ᠠ ᠡᠴᠡ 1.9% ᠪᠡᠷ ᠨᠡᠮᠡᠭᠳᠡᠪᠡ

2017-08-22 11:24

    8 ᠰᠠᠷ᠎ᠠ ᠶᠢᠨ 20 ᠤ ᠡᠳᠦᠷ᠂ ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠦᠪᠦᠷ ᠮᠣᠩᠭᠣᠯ ᠤᠨ ᠶᠡᠷᠦᠩᠬᠡᠢ ᠪᠠᠶᠢᠴᠠᠭᠠᠬᠤ ᠪᠠᠭ ᠤᠨ ᠮᠡᠳᠡᠭᠡ ᠶᠢ ᠦᠨᠳᠦᠰᠦᠯᠡᠪᠡᠯ᠂ 7 ᠰᠠᠷ᠎ᠠ ᠳᠤ᠂ ᠦᠪᠦᠷ ᠮᠣᠩᠭᠣᠯ ᠤᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠠ ᠬᠠᠩᠰᠢ ᠶᠢᠨ ᠶᠡᠷᠦᠩᠬᠡᠢ ᠲᠦᠪᠰᠢᠨ ᠦᠩᠭᠡᠷᠡᠭᠰᠡᠨ ᠤᠨ ᠤ ᠮᠦᠨ ᠦᠶ᠎ᠠ ᠡᠴᠡ 1.9% ᠪᠡᠷ ᠨᠡᠮᠡᠭᠳᠡᠵᠤ᠂ ᠨᠡᠮᠡᠭᠳᠡᠴᠡ ᠶᠢᠨ ᠬᠡᠮᠵᠢᠶ᠎ᠠ ᠨᠢ ᠳᠡᠭᠡᠷ᠎ᠠ ᠰᠠᠷ᠎ᠠ᠎ ᠶᠢᠨ ᠬᠢ ᠡᠴᠡ ᠵᠠᠭᠤᠨ ᠤ ᠬᠠᠷᠢᠴᠠᠯ ᠢᠶᠡᠷ 0.2 ᠢᠶᠡᠷ ᠦᠰᠴᠤ᠂ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠠ ᠬᠠᠩᠰᠢ ᠶᠢᠨ ᠶᠡᠷᠦᠩᠬᠡᠢ ᠲᠦᠪᠰᠢᠨ ᠦᠷᠭᠦᠯᠵᠢᠯᠡᠨ ᠦᠰᠪᠠ᠃

    ᠤᠶᠢᠯᠠᠭᠠᠭᠰᠠᠨ ᠢᠶᠡᠷ᠂ 7 ᠰᠠᠷ᠎ᠠ ᠳᠤ᠂ ᠦᠪᠦᠷ ᠮᠣᠩᠭᠣᠯ ᠤᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠠ ᠶᠢᠨ 8 ᠲᠤᠮᠤ ᠬᠡᠷᠡᠭᠯᠡᠭᠡᠨ ᠤ ᠪᠤᠳᠠᠰ ᠡᠴᠡ ᠬᠦᠨᠡᠰᠤ ᠠᠷᠢᠬᠢ ᠲᠠᠮᠠᠬᠢᠨ ᠤ ᠲᠦᠷᠦᠯ ᠤᠨ ᠦᠨ᠎ ᠠ ᠬᠠᠩᠰᠢ  0.1% ᠪᠡᠷ ᠪᠠᠭᠤᠷᠠᠭᠰᠠᠨ ᠢ ᠭᠠᠷᠭᠠᠪᠠᠯ ᠪᠤᠰᠤᠳ ᠨᠢ ᠴᠦᠮ ᠦᠰᠦᠯᠲᠠ ᠶᠢᠨ ᠬᠠᠨᠳᠤᠰᠢ ᠲᠠᠢ᠃ ᠡᠭᠦᠨ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠨ᠎ᠠ ᠶᠢᠨ ᠨᠡᠮᠡᠭᠳᠡᠯ ᠤᠨ ᠬᠡᠮᠵᠢᠶ᠎ᠠ ᠦᠩᠭᠡᠷᠡᠭᠰᠡᠨ ᠤᠨ ᠤ ᠬᠢ ᠡᠴᠡ ᠢᠯᠡᠭᠦᠦ ᠂ 11.0% ᠲᠤ ᠬᠦᠷᠪᠡ᠃ ᠬᠤᠪᠴᠠᠰᠤ ᠬᠤᠨᠠᠷ᠂ ᠤᠷᠤᠨ ᠰᠠᠭᠤᠴᠠ ᠶᠢᠨ ᠦᠨ᠎ᠠ ᠬᠠᠩᠰᠢ ᠶᠢᠨ ᠨᠡᠮᠡᠭᠳᠡᠯ ᠤᠨ ᠬᠡᠮᠵᠢᠶ᠎ᠠ  ᠦᠩᠭᠡᠷᠡᠭᠰᠡᠨ ᠤᠨ ᠤ ᠮᠦᠨ ᠦᠶ᠎ᠠ ᠡᠴᠡ ᠲᠤᠭᠲᠠᠭᠤᠨ ᠪᠠᠶᠢᠵᠤ᠂ ᠲᠤᠰ ᠪᠦᠷᠢ 1.1%᠂ 2.7% ᠪᠡᠷ ᠨᠡᠮᠡᠭᠳᠡᠵᠠᠢ᠃ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡ᠂ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠰᠤᠶᠤᠯ ᠰᠤᠷᠭᠠᠨ ᠬᠦᠮᠦᠵᠢᠯ᠂ ᠵᠤᠭ᠎ᠠ ᠴᠡᠩᠭᠡᠯ ᠵᠢᠴᠢ ᠪᠤᠰᠤᠳ ᠬᠡᠷᠡᠭᠯᠡᠭᠡᠨ ᠤ ᠪᠤᠳᠠᠰ᠂ ᠦᠢᠯᠡᠴᠢᠯᠡᠭᠡᠨ ᠤ ᠲᠦᠷᠦᠯ ᠤᠨ ᠦᠨ᠎ᠠ ᠬᠠᠩᠰᠢ ᠶᠢᠨ ᠨᠡᠮᠡᠭᠳᠡᠯ ᠤᠨ ᠬᠡᠮᠵᠢᠶ᠎ᠠ  ᠴᠦᠮ ᠦᠩᠭᠡᠷᠡᠭᠰᠡᠨ ᠤᠨ ᠤ ᠮᠦᠨ ᠦᠶ᠎᠎ᠠ ᠡᠴᠡ 1.0% ᠡᠴᠡ ᠳᠤᠤᠷ᠎ᠠ᠎ ᠪᠠᠶᠢᠯ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121522608