蒙古文网站Logo
ᠰᠢᠨᠬᠤᠸᠠ ᠮᠤᠩᠭ᠋ᠤᠯ ᠨᠧᠲ

1-7 ᠰᠠᠷ᠎ᠠ ᠳᠤ ᠦᠪᠦᠷ ᠮᠣᠩᠭᠣᠯ ᠤᠨ ᠡᠳ᠋ ᠤᠨ ᠵᠠᠰᠠᠭ ᠤᠨ ᠡᠵᠡᠩᠨᠡᠯᠲᠠ ᠲᠤᠭᠲᠠᠭᠤᠨ ᠦᠰᠦᠯᠲᠠ ᠲᠠᠢ

2017-08-23 16:56

    8 ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ 1-7 ᠰᠠᠷ᠎ᠠ ᠳᠤ ᠦᠪᠦᠷ ᠮᠣᠩᠭᠣᠯ ᠬᠠᠩᠭ᠋ᠠᠯᠭ᠎ᠠ ᠬᠡᠷᠡᠭᠴᠡᠭᠡᠨ ᠤ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠬᠦᠯᠦᠭᠰᠡᠨ ᠢᠶᠡᠷ᠂ ᠶᠡᠷᠦᠩᠬᠡᠢ ᠡᠳ᠋ ᠤᠨ ᠵᠠᠰᠠᠭ ᠤᠨ ᠡᠵᠡᠩᠨᠡᠯᠲᠠ  ᠲᠤᠭᠲᠠᠭᠤᠨ ᠦᠰᠦᠯᠲᠠ ᠲᠠᠢ ᠪᠠᠶᠢᠪᠠ᠃ ᠭᠤᠤᠯ ᠪᠤᠯᠬᠤ ᠵᠢᠭᠠᠯᠲᠠ ᠲᠤᠭ᠎ᠠ ᠰᠠᠶᠢᠨ ᠪᠠᠶᠢᠵᠤ᠂ ᠵᠡᠬ᠎ᠠ ᠵᠡᠭᠡᠯᠢ ᠶᠢᠨ ᠵᠢᠱᠢᠯᠲᠠ ᠲᠤᠭᠲᠠᠭᠤᠨ ᠪᠠᠶᠢᠳᠠᠯ ᠢᠶᠡᠨ ᠪᠠᠲᠤᠯᠠᠵᠤ᠂ ᠡᠳ᠋ ᠤᠨ ᠵᠠᠰᠠᠭ ᠤᠨ ᠦᠷ᠎ᠠ ᠠᠰᠢᠭ ᠰᠠᠶᠢᠵᠢᠷᠠᠪᠠ᠃

    1-7 ᠰᠠᠷ᠎ᠠ ᠳᠤ᠂ ᠤᠷᠤᠨ ᠳᠠᠶᠠᠭᠠᠷ ᠤᠨ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 4.2% ᠢᠶᠡᠷ ᠨᠡᠮᠡᠭᠳᠡᠪᠡ᠃ ᠡᠭᠦᠨ ᠳᠤ᠂ ᠤᠯᠤᠰ ᠤᠨ ᠦᠮᠴᠢᠯᠠᠯᠲᠤ ᠵᠢᠴᠢ ᠤᠯᠤᠰ ᠤᠨ ᠦᠮᠴᠢᠯᠡᠯᠲᠤ ᠬᠤᠪᠢᠴᠠᠭ᠎ᠠ ᠡᠵᠡᠮᠰᠢᠬᠦ ᠠᠵᠤ ᠠᠬᠤᠶᠢᠯᠠᠯ ᠦᠩᠭᠡᠷᠡᠭᠰᠡᠨ ᠤᠨ ᠤ ᠮᠦᠨ ᠦᠶ᠎ᠠ ᠡᠴᠡ 13.38% ᠪᠡᠷ ᠨᠡᠮᠡᠭᠳᠠᠵᠠᠢ᠃ ᠤᠷᠤᠨ ᠳᠠᠶᠠᠭᠠᠷ ᠤᠨ ᠨᠡᠶᠢᠭᠡᠮ ᠤᠨ ᠴᠠᠬᠢᠯᠭᠠᠨ ᠬᠡᠷᠡᠭᠰᠡᠬᠦ ᠬᠡᠮᠵᠢᠶ᠎ᠠ 1639.4 ᠳ᠋ᠦᠩᠰᠢᠭᠤᠷ ᠺᠢᠯᠦᠸᠠᠲ ᠴᠠᠭ ᠲᠤ ᠬᠦᠷᠴᠤ ᠦᠩᠭᠡᠷᠡᠭᠰᠡᠨ ᠤᠨ ᠤ ᠮᠦᠨ ᠦᠶ᠎ᠠ ᠡᠴᠡ 10.3% ᠪᠡᠷ ᠨᠡᠮᠡᠭᠳᠡᠵᠤ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠬᠠᠭᠠᠰ ᠵᠢᠯ ᠡᠴᠡ ᠵᠠᠭᠤᠨ ᠤ ᠬᠠᠷᠢᠴᠠᠯ ᠢᠶᠡᠷ 0.1 ᠪᠡᠷ ᠨᠡᠮᠡᠭᠳᠡᠭᠰᠡᠨ ᠪᠠᠶᠢᠨ᠎ᠠ᠃ 500 ᠲᠦᠮᠡᠨ ᠲᠦᠬᠦᠷᠢᠭ᠌ ᠡᠴᠡ ᠳᠡᠭᠡᠭ᠍ᠰᠢᠬᠢ ᠲᠦᠰᠦᠯ ᠤᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ 8861.2 ᠳ᠋ᠦᠩᠰᠢᠭᠤᠷ ᠲᠦᠬᠦᠷᠢᠭ᠌ ᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 7.5% ᠪᠡᠷ ᠨᠡᠮᠡᠭᠳᠡᠪᠠ᠃ ᠢᠷᠭᠡᠳ ᠤᠨ ᠳᠤᠮᠳᠠᠬᠢ ᠬᠦᠷᠦᠩᠭᠡ ᠤᠷᠤᠭᠤᠯᠤᠯᠲᠠ 4136.86 ᠳ᠋ᠦᠩᠰᠢᠭᠤᠷ  ᠲᠦᠬᠦᠷᠢᠭ᠌ ᠢ ᠪᠡᠶᠡᠯᠡᠭᠦᠯᠵᠤ᠂ ᠲᠤᠭᠲᠠᠮᠠᠯ ᠬᠦᠷᠦᠩᠭᠡ ᠶᠢᠨ ᠶᠡᠷᠦᠩᠬᠡᠢ ᠬᠦᠷᠦᠩᠭᠡ ᠤᠷᠤᠭᠤᠯᠤᠯᠲᠠ ᠶᠢᠨ 46.7% ᠶᠢ ᠡᠵᠡᠯᠡᠨ᠂ ᠦᠩᠭᠡᠷᠡᠭᠰᠡᠨ ᠤᠨ ᠤ ᠮᠦᠨ ᠦᠶ᠎ᠠ ᠡᠴᠡ 13.7% ᠪᠡᠷ ᠨᠡᠮᠡᠭᠳᠡᠵᠤ᠂ ᠤᠯᠤᠰ ᠳᠠᠶᠠᠭᠠᠷ ᠤᠨ ᠳᠤᠮᠳᠠᠴᠢ ᠨᠡᠮᠡᠭᠳᠡᠯ ᠤᠨ ᠬᠤᠷᠳᠤᠴᠠ ᠡᠴᠡ ᠵᠠᠭᠤᠨ ᠤ ᠬᠠᠷᠢᠴᠠᠯ ᠢᠶᠡᠷ 6.8 ᠪᠡᠷ ᠬᠤᠷᠳᠤᠨ ᠪᠠᠶᠢᠯ᠎ᠠ᠃ ᠤᠷᠤᠨ ᠳᠠᠶᠠᠭᠠᠷ ᠤᠨ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠦᠷᠲᠡᠭ 3891.68 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 9.1% ᠪᠡᠷ ᠨᠡᠮᠡᠭᠳᠡᠵᠠᠢ᠂ ᠡᠭᠦᠨ ᠳᠤ᠂ ᠬᠤᠲᠠ ᠪᠠᠯᠭᠠᠰᠤᠨ ᠤ 3512.3 ᠳ᠋ᠦᠩᠰᠢᠭᠤᠷ ᠲᠦᠬᠦᠷᠢᠭ᠌ ᠪᠠᠶᠢᠵᠤ ᠦᠩᠭᠡᠷᠡᠭᠰᠡᠨ ᠤᠨ ᠤ ᠮᠦᠨ ᠦᠶ᠎ᠠ ᠡᠴᠡ 8.9% ᠪᠡᠷ ᠨᠡᠮᠡᠭᠳᠡᠨ᠂ ᠬᠦᠳᠡᠭᠡ ᠲᠤᠰᠬᠤᠨ ᠤ 379.4 ᠳ᠋ᠦᠩᠰᠢᠭᠤᠷ ᠲᠦᠬᠦᠷᠢᠭ᠌ ᠪᠠᠶᠢᠵᠤ ᠦᠩᠭᠡᠷᠡᠭᠰᠡᠨ ᠤᠨ ᠤ ᠮᠦᠨ ᠦᠶ᠎ᠠ ᠡᠴᠡ 10.9% ᠪᠡᠷ ᠨᠡᠮᠡᠭᠳᠡᠵᠤ᠂ ᠬᠤᠲᠠ ᠪᠠᠯᠭᠠᠰᠤᠨ ᠤ ᠨᠡᠮᠡᠭᠳᠡᠯ ᠤᠨ ᠬᠤᠷᠳᠤᠴᠠ ᠡᠴᠡ ᠵᠠᠭᠤᠨ ᠤ ᠬᠠᠷᠢᠴᠠᠯ ᠢᠶᠡᠷ 2.0 ᠢᠶᠡᠷ ᠬᠤᠷᠳᠤᠨ ᠪᠠᠶᠢᠪᠠ᠃ ᠤᠷᠤᠨ ᠳᠠᠶᠠᠭᠠᠷ ᠤᠨ ᠡᠺᠰᠫᠤᠷᠲ᠋ᠯᠠᠵᠤ ᠢᠮᠫᠤᠷᠲ᠋ᠯᠠᠭᠰᠠᠨ ᠶᠡᠷᠦᠩᠬᠡᠢ ᠦᠷᠲᠡᠭ 572.79 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 39.8% ᠪᠡᠷ ᠨᠡᠮᠡᠭᠳᠡᠪᠠ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠵᠠᠭᠤᠨ ᠤ ᠬᠠᠷᠢᠴᠠᠯ ᠢᠶᠡᠷ 50.4 ᠪᠡᠷ ᠬᠤᠷᠳᠤᠨ ᠪᠠᠶᠢᠯ᠎ᠠ᠂ ᠡᠨᠡ ᠨᠢ ᠤᠯᠤᠰ ᠳᠠᠶᠠᠭᠠᠷ ᠤᠨ ᠳᠤᠮᠳᠠᠴᠢ ᠨᠡᠮᠡᠭᠳᠡᠯ ᠤᠨ ᠬᠤᠷᠳᠤᠴᠠ ᠡᠴᠡ ᠵᠠᠭᠤᠨ ᠤ ᠬᠠᠷᠢᠴᠠᠯ ᠢᠶᠡᠷ 21.3 ᠪᠡᠷ ᠬᠤᠷᠳᠤᠨ᠃ ᠤᠷᠤᠨ ᠳᠠᠶᠠᠭᠠᠷ ᠤᠨ ᠨᠡᠶᠢᠲᠡ ᠶᠢᠨ ᠲᠦᠰᠦᠪ ᠤᠨ ᠤᠷᠤᠯᠭ᠎ᠠ 1270.85 ᠳ᠋ᠦᠩᠰᠢᠭᠤᠷ ᠲᠦᠬᠦᠷᠢᠭ᠌ ᠲᠤ ᠬᠦᠷᠴᠤ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠬᠠᠭᠠᠰ ᠵᠢᠯ ᠤᠨ ᠬᠢ ᠲᠠᠢ ᠠᠳᠠᠯᠢ ᠪᠠᠶᠢᠪᠠ᠃ ᠤᠷᠤᠨ ᠳᠠᠶᠠᠭᠠᠷ ᠤᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠠ ᠬᠠᠩᠰᠢ 1.4% ᠪᠡᠷ ᠦᠰᠴᠠᠢ᠂ ᠦᠰᠦᠯᠲᠠ ᠶᠢᠨ ᠬᠡᠮᠵᠢᠶ᠎ᠠ ᠨᠢ ᠲᠦᠷᠦᠭᠦᠦ ᠬᠠᠭᠠᠰ ᠵᠢᠯ ᠡᠴᠡ ᠵᠠᠭᠤᠨ ᠤ ᠬᠠᠷᠢᠴᠠᠯ ᠢᠶᠡᠷ 0.1 ᠪᠡᠷ ᠬᠤᠷᠳᠤᠨ ᠪᠠᠶᠢᠵᠤ᠂ ᠤᠯᠤᠰ ᠳᠠᠶᠠᠭᠠᠷ ᠤᠨ ᠳᠤᠮᠳᠠᠴᠢ ᠬᠢᠷᠢ ᠲᠦᠪᠰᠢᠨ ᠲᠠᠢ ᠠᠳᠠᠯᠢᠬᠠᠨ ᠪᠠᠶᠢᠯ᠎ᠠ᠃ ( ᠵᠸᠩ ᠬᠦᠢ ᠶᠢᠩ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121530955