蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠬᠠᠭᠠᠰ ᠵᠢᠯ ᠦᠪᠦᠷ ᠮᠣᠩᠭᠣᠯ ᠤᠨ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠶᠢᠨ ᠶᠡᠷᠦᠩᠬᠡᠢ ᠬᠢᠷᠢ ᠲᠡᠩᠴᠡᠭᠰᠡᠨ ᠨᠤᠷᠮ᠎ᠠ 97.99% ᠳᠤ ᠬᠦᠷᠪᠡ

2017-08-28 11:14

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠡᠴᠡ ᠤᠶᠢᠯᠠᠭᠠᠭᠰᠠᠨ ᠢᠶᠡᠷ᠂ ᠦᠨᠦ ᠵᠢᠯ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠶᠢᠨ ᠴᠢᠨᠠᠷ ᠴᠢᠨᠰᠠᠭ᠎ᠠ ᠶᠢᠨ ᠠᠶᠤᠯᠭᠦᠢ ᠶᠢᠨ ᠪᠠᠶᠢᠳᠠᠯ ᠢ ᠬᠢᠨᠠᠨ ᠪᠠᠶᠢᠴᠠᠭᠠᠬᠤ ᠠᠵᠢᠯᠯᠠᠭ᠎ᠠ ᠶᠠᠪᠤᠭᠤᠯᠪᠠ᠃ ᠲᠦᠷᠦᠭᠦᠦ ᠬᠠᠭᠠᠰ ᠵᠢᠯ ᠤᠨ ᠴᠢᠨᠠᠷ ᠴᠢᠨᠰᠠᠭ᠎ᠠ ᠶᠢᠨ ᠠᠶᠤᠯᠭᠦᠢ ᠶᠢᠨ ᠪᠠᠶᠢᠳᠠᠯ ᠤᠨ ᠬᠢᠨᠠᠨ ᠪᠠᠶᠢᠴᠠᠭᠠᠯᠲᠠ ᠳᠤ ᠦᠪᠦᠷ ᠮᠣᠩᠭᠣᠯ ᠤᠨ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠶᠢᠨ ᠶᠡᠷᠦᠩᠬᠡᠢ ᠬᠢᠷᠢ ᠲᠡᠩᠴᠡᠭᠰᠡᠨ ᠨᠤᠷᠮ᠎ᠠ 97.99% ᠳ᠋ᠤ ᠬᠦᠷᠪᠠ᠃

    ᠲᠦᠷᠦᠭᠦᠦ ᠬᠠᠭᠠᠰ ᠵᠢᠯ᠂ ᠤᠷᠤᠨ ᠳᠠᠶᠠᠭᠠᠷ  ᠤᠨ 12 ᠠᠶᠢᠮᠠᠭ ᠬᠤᠲᠠ ᠶᠢᠨ 70 ᠬᠤᠰᠢᠭᠤᠨ( ᠰᠢᠶᠠᠨ᠂ ᠬᠤᠲᠠ᠂ ᠲᠤᠭᠤᠷᠢᠭ)  ᠤ᠋ ᠢᠳᠡᠰᠢᠨ ᠨᠤᠭᠤᠭ᠎ᠠ᠂ ᠮᠠᠯ ᠤᠨ ᠮᠢᠬᠠᠨ ᠤ ᠪᠦᠲᠦᠭᠡᠭ᠍ᠲᠡᠬᠦᠨ ᠪᠠ ᠤᠰᠤᠨ ᠤ ᠭᠠᠷᠤᠯᠲᠠ ᠶᠢᠨ 41ᠲᠦᠷᠦᠯ ᠳᠤ ᠪᠠᠶᠢᠴᠠᠭᠠᠯᠲᠠ ᠬᠢᠵᠤ᠂ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠪᠤᠯᠤᠨ ᠬᠠᠤᠯᠢ ᠪᠤᠰᠤ ᠨᠡᠮᠡᠯᠲᠡ ᠡᠳ᠋ ᠵᠡᠷᠭᠡ 92 ᠫᠠᠷᠠᠮᠸᠲ᠋ᠷ ᠡᠴᠡ 1043 ᠦᠯᠢᠭᠡᠷ ᠡᠳ᠋ ᠢ ᠰᠤᠩᠭ᠋ᠤᠨ ᠪᠠᠶᠢᠴᠠᠭᠠᠭᠰᠠᠨ ᠳ᠋ᠦ ᠶᠡᠷᠦᠩᠬᠡᠢ ᠬᠢᠷᠢ ᠲᠡᠩᠴᠡᠭᠰᠡᠨ ᠨᠤᠷᠮ᠎ᠠ 97.99% ᠳ᠋ᠤ ᠬᠦᠷᠪᠡ᠃ ᠡᠭᠦᠨ ᠳᠤ ᠢᠳᠡᠰᠢᠨ ᠨᠤᠭᠤᠭ᠎ᠠ᠂ ᠮᠠᠯ ᠤᠨ ᠮᠢᠬᠠᠨ ᠤ ᠪᠦᠲᠦᠭᠡᠭ᠍ᠲᠡᠬᠦᠨ᠂ ᠤᠰᠤᠨ ᠤ ᠭᠠᠷᠤᠯᠲᠠ ᠶᠢᠨ ᠬᠢᠷᠢ ᠲᠡᠩᠴᠡᠭᠰᠡᠨ ᠨᠤᠷᠮ᠎ᠠ ᠨᠢ ᠲᠤᠰ ᠪᠦᠷᠢ 96.49%᠂ 100% ᠪᠤᠯᠤᠨ 98.78%᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠡᠴᠡ ᠡᠯ᠎ᠠ ᠪᠦᠰᠡ ᠨᠤᠲᠤᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ《ᠠᠰᠠᠭᠤᠳᠠᠯ ᠢ ᠢᠯᠡᠷᠡᠭᠦᠯᠬᠦ ᠨᠢ ᠠᠮᠵᠢᠯᠲᠠ᠂ ᠳᠠᠯᠳᠠ ᠠᠶᠤᠯ ᠢ ᠤᠰᠠᠳᠬᠠᠬᠤ ᠨᠢ ᠵᠠᠰᠠᠭ ᠤᠨ ᠠᠵᠢᠯ ᠤᠨ ᠪᠦᠲᠦᠮᠵᠢ》ᠬᠡᠮᠡᠬᠦ ᠬᠢᠨᠠᠨ ᠬᠠᠮᠢᠶᠠᠷᠤᠯᠲᠠ ᠶᠢᠨ ᠠᠵᠢᠯ ᠤᠨ ᠤᠶᠢᠯᠠᠭᠠᠭᠲᠠᠬᠤᠨ ᠢ ᠪᠠᠷᠢᠮᠲᠠᠯᠠᠵᠤ᠂ ᠲᠠᠷᠢᠶᠠᠨ ᠡᠮ᠂ ᠮᠠᠯ ᠤᠨ ᠡᠮ ᠵᠢᠴᠢ ᠤᠰᠤᠨ ᠤ ᠭᠠᠷᠤᠯᠲᠠ ᠶᠢᠨ ᠬᠤᠷᠢᠭ᠎ᠠ ᠲᠠᠢ ᠡᠮ ᠢ ᠵᠠᠷᠤᠬᠤ ᠶᠢ ᠳᠦᠷᠢᠮᠵᠢᠭᠦᠯᠤᠨ᠎ᠠ᠃ ᠬᠠᠤᠯᠢ ᠶᠢ ᠵᠦᠷᠢᠴᠡᠭᠰᠡᠨ ᠠᠵᠢᠯᠯᠠᠭ᠎᠎ᠠ ᠳᠤ ᠬᠠᠤᠯᠢ ᠶᠤᠰᠤᠭᠠᠷ ᠪᠠᠶᠢᠴᠠᠭᠠᠨ ᠰᠶ᠋ᠢᠳᠪᠦᠷᠢᠯᠡᠬᠦ ᠬᠦᠴᠦᠯᠡᠴᠡ ᠪᠡᠨ ᠴᠢᠩᠭ᠋ᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭ᠍ᠲᠡᠬᠦᠨ ᠤ ᠴᠢᠨᠠᠷ ᠴᠢᠨᠰᠠᠭᠠᠨ ᠤ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠤᠭᠲᠠᠭᠠᠯ ᠢ ᠦᠷᠭᠡᠨ ᠢᠶᠡᠷ ᠰᠤᠷᠲᠠᠯᠴᠢᠯᠠᠨ᠂ ᠬᠢᠨᠠᠨ ᠪᠠᠶᠢᠴᠠᠭᠠᠬᠤ ᠲᠤᠭ᠎ᠠ ᠨᠤᠷᠮ᠎ᠠ ᠢᠢ ᠨᠡᠮᠡᠭᠳᠡᠭᠦᠯᠬᠦ ᠬᠡᠷᠡᠭᠲᠠᠢ ᠭᠡᠵᠤ ᠱᠠᠭᠠᠷᠳᠠᠵᠠᠢ᠃ (ᠰᠤᠷᠪᠤᠯᠵᠢᠯᠠᠭᠴᠢ ᠯᠢ ᠸᠸᠨ ᠮᠢᠩ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121554840