蒙古文网站Logo
ᠰᠢᠨᠬᠤᠸᠠ ᠮᠤᠩᠭ᠋ᠤᠯ ᠨᠧᠲ

ᠪᠠᠶᠠᠨᠨᠠᠭᠤᠷ ᠬᠤᠲᠠ ᠶᠢᠨ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 4.5% ᠪᠡᠷ ᠨᠡᠮᠡᠭᠳᠡᠪᠡ

2017-08-30 17:02

    ᠦᠨᠦ ᠵᠢᠯ ᠤᠨ 1-7 ᠰᠠᠷ᠎ᠠ ᠳᠤ᠂ ᠪᠠᠶᠠᠨᠨᠠᠭᠤᠷ ᠬᠤᠲᠠ ᠶᠢᠨ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 4.5% ᠪᠡᠷ ᠨᠡᠮᠡᠭᠳᠡᠪᠡ᠃ ᠲᠠᠪᠠᠭᠤᠯᠢᠭ ᠤᠨᠴᠠᠯᠢᠭᠲᠤ ᠠᠵᠤ ᠦᠢᠯᠡᠰ ᠡᠴᠡ ᠠᠪᠴᠤ ᠦᠵᠡᠪᠡᠯ᠂ ᠲᠠᠪᠠᠭᠤᠯᠢᠭ ᠤᠨᠴᠠᠯᠢᠭᠲᠤ ᠠᠵᠤ ᠦᠢᠯᠡᠰ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ 94.8% ᠶ᠋ᠢ ᠡᠵᠡᠯᠡᠵᠤ᠂ ᠦᠩᠭᠡᠷᠡᠭᠰᠡᠨ ᠤᠨ ᠤ ᠮᠦᠨ ᠦᠶ᠎ᠠ ᠡᠴᠡ 4.5% ᠪᠡᠷ ᠨᠡᠮᠡᠭᠳᠡᠪᠡ᠃ ᠡᠭᠦᠨ ᠳᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭ᠍ᠳᠡᠭᠦᠨ ᠪᠤᠯᠪᠠᠰᠤᠷᠠᠭᠤᠯᠬᠤ ᠦᠢᠯᠡᠰ᠂ ᠠᠭᠤᠯᠠ ᠠᠭᠤᠷᠬᠠᠢ ᠵᠢᠴᠢ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠳᠪᠦᠷᠢ ᠨᠢ ᠮᠦᠨ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠶᠢᠨ ᠡᠳ᠋ ᠤᠨ ᠵᠠᠰᠠᠭ ᠤᠨ ᠨᠡᠮᠡᠭᠳᠡᠯ ᠢ ᠳᠠᠶᠢᠴᠢᠯᠠᠬᠤ ᠭᠤᠤᠯ ᠡᠯᠸᠮᠸᠨ᠋ᠲ ᠪᠠᠶᠢᠯ᠎ᠠ᠂ ᠡᠳᠡᠭᠡᠷ ᠨᠢ ᠦᠩᠭᠡᠷᠡᠭᠰᠡᠨ ᠤᠨ ᠤ ᠮᠦᠨ ᠦᠶ᠎᠎ᠠ ᠡᠴᠡ ᠲᠤᠰ ᠪᠦᠷᠢ 9.9% ᠪᠤᠯᠤᠨ 4.5% ᠪᠡᠷ ᠨᠡᠮᠡᠭᠳᠡᠪᠡ᠃ ᠪᠤᠰᠤᠳ ᠳᠠᠪᠠᠭᠤᠯᠢᠭ ᠠᠵᠤ ᠦᠢᠯᠡᠰ ᠲᠤ ᠬᠢᠮᠢ ᠶᠢᠨ ᠠᠵᠤ ᠦᠢᠯᠡᠳᠪᠦᠷᠢ ᠦᠩᠭᠡᠷᠡᠭᠰᠡᠨ ᠤᠨ ᠤ ᠮᠦᠨ ᠦᠶ᠎᠎ᠠ ᠡᠴᠡ 0.2% ᠢᠶᠡᠷ ᠨᠡᠮᠡᠭᠳᠡᠵᠤ᠂ ᠴᠠᠬᠢᠯᠭᠠᠨ ᠤ ᠠᠵᠤ ᠦᠢᠯᠡᠳᠪᠦᠷᠢ ᠦᠩᠭᠡᠷᠡᠭᠰᠡᠨ ᠤᠨ ᠤ ᠮᠦᠨ ᠦᠶ᠎᠎ᠠ ᠡᠴᠡ ᠪᠠᠭ᠎ᠠ ᠪᠠᠭᠤᠷᠠᠵᠠᠢ᠃ ᠠᠵᠢᠯ ᠲᠦᠷᠦᠯ ᠬᠤᠪᠢᠶᠠᠨ ᠦᠵᠡᠪᠡᠯ᠂ ᠨᠡᠭᠦᠷᠡᠰᠤ ᠬᠡᠤᠷᠰᠢᠭᠦᠯᠬᠦ ᠦᠢᠯᠡᠰ ᠦᠩᠭᠡᠷᠡᠭᠰᠡᠨ ᠤᠨ ᠤ ᠮᠦᠨ ᠦᠶ᠎᠎ᠠ ᠡᠴᠡ 72.5% ᠪᠡᠷ ᠨᠡᠮᠡᠭᠳᠡᠵᠤ᠂ ᠲᠠᠷᠢᠶᠠᠯᠠᠩ ᠤᠨ ᠪᠦᠲᠦᠭᠡᠭ᠍ᠲᠡᠬᠦᠨ ᠦᠢᠯᠡᠳᠪᠦᠷᠢᠯᠡᠬᠦ ᠦᠢᠯᠡᠰ ᠦᠩᠭᠡᠷᠡᠭᠰᠡᠨ ᠤᠨ ᠤ ᠮᠦᠨ ᠦᠶ᠎᠎ᠠ ᠡᠴᠡ 13.9% ᠪᠡᠷ ᠨᠡᠮᠡᠭᠳᠡᠨ᠂ ᠢᠳᠡᠭᠡᠨ ᠦᠢᠯᠡᠳᠪᠦᠷᠢᠯᠡᠬᠦ ᠦᠢᠯᠡᠰ ᠦᠩᠭᠡᠷᠡᠭᠰᠡᠨ ᠤᠨ ᠤ ᠮᠦᠨ ᠦᠶ᠎᠎ᠠ ᠡᠴᠡ 10.9% ᠪᠡᠷ ᠨᠡᠮᠡᠭᠳᠡᠵᠤ᠂ ᠲᠡᠮᠦᠷᠯᠢᠭ᠌ ᠪᠤᠰᠤ ᠡᠷᠦᠳᠡᠰᠤ ᠶᠢᠨ ᠦᠢᠯᠡᠰ ᠦᠩᠭᠡᠷᠡᠭᠰᠡᠨ ᠤᠨ ᠤ ᠮᠦᠨ ᠦᠶ᠎᠎ᠠ ᠡᠴᠡ 13.4% ᠪᠡᠷ ᠨᠡᠮᠡᠭᠳᠡᠭᠰᠡᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121572196