蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠤᠢ ᠰᠢᠭᠤᠢ ᠶᠢᠨ ᠲᠠᠯᠠᠪᠠᠢ 3.73 ᠳ᠋ᠦᠩᠰᠢᠭᠤᠷ ᠮᠦ ᠳᠤ ᠬᠦᠷᠴᠤ ᠤᠯᠤᠰ ᠳᠠᠶᠠᠭᠠᠷ ᠲᠤ ᠲᠡᠷᠢᠭᠦᠯᠡᠪᠡ

2017-09-01 12:06

    ᠤᠯᠤᠰ ᠳᠠᠶᠠᠭᠠᠷ ᠤᠨ ᠨᠠᠶ᠋ᠮᠠᠳᠤᠭᠠᠷ ᠤᠳᠠᠭᠠᠨ ᠤ ᠤᠢ ᠰᠢᠭᠤᠢ ᠶᠢᠨ ᠡᠬᠢ ᠪᠠᠶᠠᠯᠢᠭ ᠢ ᠪᠦᠷᠢᠳᠭᠡᠭ᠍ᠰᠡᠨ ᠦᠷ᠎ᠠ ᠳ᠋ᠦᠩ ᠳᠤ ᠢᠯᠡᠷᠡᠭᠰᠡᠨ ᠢᠶᠡᠷ᠂ ᠦᠪᠦᠷ ᠮᠣᠩᠭᠣᠯ ᠤᠨ ᠤᠢ ᠰᠢᠭᠤᠢ ᠶᠢᠨ ᠲᠠᠯᠠᠪᠠᠢ 1822 ᠲᠦᠮᠡᠨ ᠮᠦ ᠨᠡᠮᠡᠭᠳᠡᠵᠤ᠂ 3.73 ᠳ᠋ᠦᠩᠰᠢᠭᠤᠷ ᠮᠦ ᠳᠤ ᠬᠦᠷᠴᠤ ᠤᠯᠤᠰ ᠳᠠᠶᠠᠭᠠᠷ ᠲᠤ ᠲᠡᠷᠢᠭᠦᠯᠡᠪᠡ᠃ ᠤᠷᠭᠤᠭ᠎ᠠ ᠮᠤᠲᠤᠨ ᠤ ᠲᠠᠯᠠᠪᠠᠢ 1.23 ᠳ᠋ᠦᠩᠰᠢᠭᠤᠷ ᠺᠦᠸᠠᠳ᠋ ᠮᠸᠲ᠋ᠷ ᠨᠡᠮᠡᠭᠳᠡᠵᠤ᠂ 14.84 ᠳ᠋ᠦᠩᠰᠢᠭᠤᠷ ᠺᠦᠸᠠᠳ᠋ ᠮᠸᠲ᠋ᠷ ᠲᠤ ᠬᠦᠷᠤᠨ᠂ ᠤᠯᠤᠰ ᠳᠠᠶᠠᠭᠠᠷ ᠤᠨ ᠲᠠᠪᠤᠳᠤᠭᠠᠷ ᠲᠤ ᠪᠠᠶᠢᠷᠢᠯᠠᠵᠠᠢ᠃ ᠤᠢ ᠰᠢᠭᠤᠢ ᠶᠢᠨ ᠪᠦᠷᠬᠦᠴᠡ ᠶᠢᠨ ᠨᠤᠷᠮ᠎ᠠ 21.03% ᠳᠤ ᠬᠦᠷᠴᠤ᠂ ᠵᠠᠭᠤᠨ ᠤ ᠬᠠᠷᠢᠴᠠᠯ ᠢᠶᠡᠷ 1.03 ᠪᠡᠷ ᠨᠡᠮᠡᠭᠳᠡᠭᠰᠡᠨ ᠪᠠᠶᠢᠨ᠎ᠠ᠃

    ᠰᠡᠭᠦᠯ ᠤᠨ ᠵᠢᠯ ᠤᠳ ᠲᠤ ᠦᠪᠦᠷ ᠮᠣᠩᠭᠣᠯ ᠤᠢ ᠰᠢᠭᠤᠢ ᠶᠢᠨ ᠦᠢᠯᠡᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠦᠲᠦᠴᠠ ᠶᠢ ᠤᠯᠠᠮ ᠰᠢᠯᠢᠳᠡᠭᠵᠢᠭᠦᠯᠵᠤ᠂ ᠬᠦᠯᠦᠨ ᠪᠤᠶᠢᠷ᠂ ᠬᠤᠷᠴᠢᠨ᠂ ᠮᠤᠤᠠᠤᠰᠤ ᠶᠢᠨ ᠡᠯᠡᠰᠦᠨ ᠴᠦᠯ ᠪᠤᠯᠤᠨ ᠵᠤᠬᠢᠴᠠᠬᠤ ᠪᠦᠰᠡ ᠨᠤᠲᠤᠭ ᠲᠤ ᠬᠠᠶᠢᠯᠠᠷ ᠨᠠᠷᠠᠰᠤ ᠶᠢᠨ ᠰᠠᠭᠤᠷᠢᠨ ᠢ ᠪᠦᠲᠦᠭᠡᠨ ᠪᠠᠶᠢᠭᠤᠯᠵᠤ᠂ ᠡᠯᠡᠰᠦᠨ ᠴᠦᠯ ᠤᠨ ᠡᠷᠭᠢᠨ ᠲᠤᠭᠤᠷᠢᠨ ᠳᠤ ᠡᠯᠡᠰᠤ ᠶᠢ ᠬᠠᠰᠢᠬᠤ ᠬᠠᠮᠠᠭᠠᠯᠠᠯᠲᠠ ᠶᠢᠨ ᠤᠢ ᠶᠢ ᠪᠠᠶᠢᠭᠤᠯᠤᠨ᠂ ᠪᠤᠷᠤᠲᠤᠬᠤᠢ ᠶᠢᠨ ᠲᠠᠯ᠎ᠠ ᠭᠠᠵᠠᠷ᠂ᠲᠦᠮᠡᠳ ᠤᠨ ᠲᠠᠯ᠎ᠠ ᠵᠡᠷᠭᠡ ᠪᠦᠰᠡ ᠨᠤᠲᠤᠭ ᠲᠤ ᠲᠠᠷᠢᠶᠠᠯᠠᠩ ᠤᠢ ᠶᠢᠨ ᠲᠤᠤᠷ ᠢ ᠪᠦᠲᠦᠭᠡᠨ ᠪᠠᠶᠢᠭᠤᠯᠵᠤ᠂ ᠮᠤᠨᠢ ᠠᠭᠤᠯᠠ ᠶᠢᠨ ᠬᠤᠶᠢᠲᠤ ᠪᠡᠯ ᠳᠡᠬᠢ ᠰᠠᠯᠬᠢᠨ ᠳᠤ ᠢᠳᠡᠭᠳᠡᠵᠤ ᠡᠯᠡᠰᠦᠷᠭᠡᠭ᠍ᠵᠢᠭᠰᠡᠨ ᠪᠦᠰᠡ ᠨᠤᠲᠤᠭ ᠲᠤ ᠪᠢᠲᠡᠭᠦᠮᠵᠢᠯᠡᠨ ᠬᠠᠮᠠᠭᠠᠯᠠᠬᠤ ᠤᠷᠤᠨ ᠢ ᠪᠠᠶᠢᠭᠤᠯᠤᠨ᠂ ᠰᠢᠷ᠎ᠠ ᠰᠢᠷᠦᠶᠢᠲᠤ ᠲᠤᠪᠤᠷᠴᠠᠭ ᠤᠨ ᠪᠦᠰᠡᠨ ᠳᠤ ᠤᠰᠤ ᠰᠢᠷᠤᠢ ᠶᠢ ᠬᠠᠳᠠᠭᠠᠯᠠᠬᠤ ᠤᠢ ᠰᠢᠭᠤᠢ ᠶᠢ ᠪᠠᠶᠢᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠠ ᠪᠦᠲᠦᠮᠵᠢ ᠶᠢ ᠪᠦᠬᠦ ᠲᠠᠯ᠎ᠠ ᠪᠡᠷ ᠪᠡᠬᠢᠵᠢᠭᠦᠯᠵᠠᠢ᠃ ᠡᠭᠦᠨ ᠤ ᠬᠠᠮᠲᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠶᠢᠨ ᠳᠠᠭᠠᠳᠬᠠᠯ ᠳᠤ ᠤᠷᠤᠭᠰᠠᠨ ᠲᠠᠯᠠᠪᠠᠢ 3.88 ᠳ᠋ᠦᠩᠰᠢᠭᠤᠷ ᠮᠤ ᠳᠤ ᠬᠦᠷᠴᠤ᠂ ᠤᠯᠤᠰ ᠳᠠᠶᠠᠭᠠᠷ ᠤᠨ ᠲᠡᠷᠢᠭᠦᠨ ᠳᠤ ᠪᠠᠶᠢᠷᠢᠯᠠᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121584703