蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠬᠠᠭᠠᠰ ᠵᠢᠯ ᠪᠠᠶᠠᠨᠨᠠᠭᠤᠷ ᠬᠤᠲᠠ ᠶᠢᠨ ᠵᠢᠭᠤᠯᠴᠢᠯᠠᠯ ᠤᠨ ᠤᠷᠤᠯᠭ᠎ᠠ 27.3 ᠳ᠋ᠦᠩᠰᠢᠭᠤᠷ ᠲᠦᠬᠦᠷᠢᠭ᠌  ᠲᠦ ᠬᠦᠷᠪᠡ

2017-09-08 11:07

    ᠲᠦᠷᠦᠭᠦᠦ ᠬᠠᠭᠠᠰ ᠵᠢᠯ᠂ ᠪᠠᠶᠠᠨᠨᠠᠭᠤᠷ ᠬᠤᠲᠠ ᠶᠢᠨ ᠵᠢᠭᠤᠯᠴᠢᠯᠠᠯ ᠤᠨ ᠤᠷᠤᠯᠭ᠎ᠠ 27.3 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 38.1% ᠪᠡᠷ ᠨᠡᠮᠡᠭᠳᠡᠪᠡ᠃

    ᠲᠦᠷᠦᠭᠦᠦ ᠬᠠᠭᠠᠰ ᠵᠢᠯ᠂ ᠪᠠᠶᠠᠨᠨᠠᠭᠤᠷ ᠬᠤᠲᠠ ᠲᠠᠪᠬᠤᠷᠳᠠᠭᠰᠠᠨ ᠲᠤᠭ᠎ᠠ ᠪᠡᠷ ᠨᠡᠶᠢᠲᠡ 265.9 ᠲᠦᠮᠡᠨ ᠵᠢᠭᠤᠯᠴᠢᠨ ᠬᠦᠯᠢᠶᠡᠨ ᠠᠪᠴᠤ᠂ ᠦᠩᠭᠡᠷᠡᠭᠰᠡᠨ ᠤᠨ ᠤ ᠮᠦᠨ ᠦᠶ᠎ᠠ ᠡᠴᠡ 33.7% ᠪᠡᠷ ᠨᠡᠮᠡᠭᠳᠡᠵᠠᠢ᠃ ᠵᠢᠭᠤᠯᠴᠢᠳ ᠤᠨ ᠢᠷᠡᠯᠲᠡ ᠶᠢᠨ ᠵᠠᠬ᠎ᠠ ᠵᠡᠭᠡᠯᠡᠢ ᠦᠷᠭᠡᠳᠴᠤ᠂ ᠰᠤᠭᠤᠴᠢᠨ ᠪᠠᠢᠢᠴᠠᠭᠠᠯᠳᠠ ᠪᠠᠷ ᠪᠠᠶᠠᠨᠨᠠᠭᠤᠷ ᠬᠤᠲᠠ ᠶᠢᠨ ᠤᠷᠤᠨ ᠤ ᠭᠠᠳᠠᠨᠠᠬᠢ ᠵᠢᠭᠤᠯᠴᠢᠳ ᠢ ᠬᠦᠯᠢᠶᠡᠨ ᠠᠪᠤᠭᠰᠠᠨ ᠨᠤᠷᠮ᠎ᠠ 42.7% ᠶ᠋ᠢ ᠡᠵᠡᠯᠡᠨ᠎ᠠ᠂ ᠡᠭᠦᠨ ᠳᠤ᠂ ᠪᠡᠭᠡᠵᠢᠩ ᠡᠴᠡ ᠬᠦᠷᠦᠯᠴᠡᠨ ᠢᠷᠡᠭᠰᠡᠨ ᠵᠢᠭᠤᠯᠴᠢᠳ ᠤᠨ ᠡᠵᠡᠯᠡᠬᠦ ᠬᠠᠷᠢᠴᠠᠯ ᠬᠠᠮᠤᠭ ᠤᠨ ᠶᠡᠬᠡ 7.9% ᠳᠤ ᠬᠦᠷᠴᠤ᠂ ᠳᠠᠷᠠᠭᠠᠯᠠᠪᠠᠯ ᠱᠠᠨᠰᠢ᠂ ᠱᠠᠨ ᠰᠢ᠂ ᠾᠸᠪᠸᠢ᠂ ᠨᠢᠩᠰᠢᠶᠠ ᠵᠡᠷᠭᠡ ᠭᠠᠵᠠᠷ ᠤᠷᠤᠨ ᠪᠤᠯᠤᠨ᠎ᠠ᠃ ᠤᠷᠤᠨ ᠤ ᠳᠤᠲᠤᠷᠠᠬᠢ ᠵᠢᠭᠤᠯᠴᠢᠳ ᠢ ᠬᠦᠯᠢᠶᠡᠨ ᠠᠪᠬᠤ ᠨᠤᠷᠮ᠎ᠠ 57% ᠶ᠋ᠢ ᠡᠵᠡᠯᠡᠵᠤ ᠪᠤᠢ᠂ ᠡᠭᠦᠨ ᠳᠤ ᠲᠤᠰ ᠬᠤᠲᠠ ᠶᠢᠨ ᠵᠢᠭᠤᠯᠴᠢᠳ 30% ᠶ᠋ᠢ ᠡᠵᠡᠯᠡᠵᠤ᠂ ᠳᠠᠷᠠᠭᠠᠯᠠᠪᠠᠯ ᠬᠦᠬᠡᠬᠤᠲᠠ᠂ ᠪᠤᠭᠤᠲᠤ᠂ ᠦᠬᠠᠢ᠂ ᠤᠷᠳᠤᠰ ᠵᠡᠷᠭᠡ ᠪᠦᠰᠡ ᠨᠤᠲᠤᠭ ᠪᠤᠯᠤᠨ᠎ᠠ᠃ ᠵᠢᠭᠤᠯᠴᠢᠯᠠᠯ ᠤᠨ ᠲᠦᠰᠦᠯ ᠢᠶᠡᠷ ᠬᠤᠪᠢᠶᠠᠪᠠᠯ᠂ ᠲᠦᠷᠦᠯ ᠰᠠᠳᠤᠨ ᠨᠠᠶᠢᠵᠠ ᠨᠦᠬᠦᠳ ᠢᠶᠡᠨ ᠡᠷᠭᠢᠬᠦ ᠪᠤᠶᠤ ᠰᠡᠯᠡᠭᠦᠴᠡᠨ ᠵᠤᠭᠠᠴᠠᠬᠤ ᠪᠡᠷ ᠵᠤᠷᠢᠯᠭ᠎ᠠ ᠪᠡᠷ ᠪᠤᠯᠭᠠᠭᠰᠠᠨ ᠵᠢᠭᠤᠯᠴᠢᠳ ᠤᠯᠠᠨ᠂ ᠲᠤᠰ ᠪᠦᠷᠢ 44.58% ᠪᠤᠯᠤᠨ 29.27% ᠶ᠋ᠢ ᠡᠵᠡᠯᠡᠵᠤ ᠪᠤᠢ᠃ ᠡᠭᠦᠨ ᠤ ᠬᠠᠮᠲᠤ᠂ ᠦᠪᠡᠷ ᠤᠨ ᠮᠠᠰᠢᠨ ᠢᠶᠡᠷ ᠢᠶᠡᠨ ᠵᠤᠭᠠᠴᠠᠬᠤ ᠪᠤᠶᠤ ᠭᠡᠷ ᠪᠦᠯᠢ ᠪᠡᠷ ᠢᠶᠡᠨ ᠵᠤᠭᠠᠴᠠᠬᠤ ᠵᠢᠭᠤᠯᠴᠢᠳ ᠶᠡᠬᠡᠪᠡᠷ ᠨᠡᠮᠡᠭᠳᠡᠵᠠᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121630000