蒙古文网站Logo
ᠰᠢᠨᠬᠤᠸᠠ ᠮᠤᠩᠭ᠋ᠤᠯ ᠨᠧᠲ

ᠭᠠᠨᠴᠠᠮᠤᠲᠤ ᠪᠤᠭᠤᠮᠲᠠ ᠮᠠᠨ ᠤ ᠤᠯᠤᠰ ᠤᠨ ᠮᠣᠩᠭᠣᠯ ᠤᠯᠤᠰ ᠲᠠᠢ ᠠᠷᠠᠯᠵᠢᠶᠠᠯᠠᠬᠤ ᠪᠠᠷᠠᠭ᠎ᠠ ᠲᠠᠸᠠᠷ ᠢ ᠵᠦᠭᠡᠭᠡᠪᠦᠷᠢᠯᠡᠭᠰᠡᠨ ᠬᠡᠮᠵᠢᠶ᠎ᠠ ᠬᠠᠮᠤᠭ ᠤᠨ ᠶᠡᠬᠡ ᠡᠬᠡ ᠬᠠᠭᠤᠷᠠᠢ ᠶᠢᠨ ᠪᠤᠭᠤᠮᠲᠠ ᠪᠤᠯᠪᠠ

2017-09-09 13:33

    ᠭᠠᠨᠴᠠᠮᠤᠲᠤ ᠪᠤᠭᠤᠮᠲᠠ ᠶᠢ ᠨᠡᠭᠡᠭᠡᠭ᠍ᠰᠡᠨ ᠡᠴᠡ ᠨᠠᠰᠢᠬᠢ 8 ᠵᠢᠯ ᠤᠨ ᠲᠤᠷᠰᠢ ᠨᠡᠶᠢᠲᠡ 9144 ᠲᠦᠮᠡᠨ ᠲᠤᠨ 122 ᠳ᠋ᠦᠩᠰᠢᠭᠤᠷ ᠳ᠋ᠤᠯᠯᠠᠷ ᠤᠨ ᠦᠷᠲᠡᠭ ᠲᠠᠢ ᠮᠣᠩᠭᠣᠯ ᠤᠯᠤᠰ ᠤᠨ ᠪᠠᠷᠠᠭ᠎ᠠ ᠲᠠᠸᠠᠷ ᠢᠮᠫᠤᠷᠲ᠋ᠯᠠᠪᠠ᠃ ᠤᠳᠤᠬᠠᠨ ᠳᠤ᠂ ᠭᠠᠨᠴᠠᠮᠤᠲᠤ ᠪᠤᠭᠤᠮᠲᠠ ᠨᠢ ᠮᠠᠨ ᠤ ᠤᠯᠤᠰ ᠤᠨ ᠮᠣᠩᠭᠣᠯ ᠤᠯᠤᠰ ᠲᠠᠢ ᠠᠷᠠᠯᠵᠢᠶᠠᠯᠠᠬᠤ ᠪᠠᠷᠠᠭ᠎ᠠ ᠲᠠᠸᠠᠷ ᠢ ᠵᠦᠭᠡᠭᠡᠪᠦᠷᠢᠯᠡᠭᠰᠡᠨ ᠬᠡᠮᠵᠢᠶ᠎ᠠ ᠬᠠᠮᠤᠭ ᠤᠨ ᠶᠡᠬᠡ ᠡᠬᠡ ᠬᠠᠭᠤᠷᠠᠢ ᠶᠢᠨ ᠪᠤᠭᠤᠮᠲᠠ ᠪᠤᠯᠪᠠ᠃ ᠭᠠᠨᠴᠠᠮᠤᠲᠤ ᠪᠤᠭᠤᠮᠲᠠ 2009 ᠤᠨ ᠤ 8 ᠰᠠᠷ᠎ᠠ ᠶᠢᠨ 28 ᠤ ᠡᠳᠦᠷ ᠡᠴᠡ ᠡᠬᠢᠯᠡᠨ ᠵᠢᠯ ᠲᠤᠷᠰᠢ ᠨᠡᠭᠡᠭᠡᠯᠲᠡ ᠲᠠᠢ ᠪᠤᠯᠵᠤ ᠮᠣᠩᠭᠣᠯ ᠤᠯᠤᠰ ᠤᠨ ᠨᠡᠭᠦᠷᠡᠰᠤ ᠶᠢ ᠢᠮᠫᠤᠷᠲ᠋ᠯᠠᠳᠠᠭ᠃ 2013 ᠤᠨ ᠤ 7 ᠰᠠᠷ᠎ᠠ ᠶᠢᠨ 9 ᠤ ᠡᠳᠦᠷ᠂ ᠠᠩᠬᠠᠨ ᠤ ᠪᠦᠯᠦᠭ ᠮᠣᠩᠭᠣᠯ ᠤᠯᠤᠰ ᠤᠨ ᠬᠦᠷᠡᠯ ᠤᠨ ᠴᠡᠪᠡᠷ ᠭᠠᠨᠴᠠᠮᠤᠲᠤ ᠪᠤᠭᠤᠮᠲᠠ ᠪᠡᠷ ᠢᠮᠫᠤᠷᠲ᠋ᠯᠠᠭᠰᠠᠨ ᠢᠶᠡᠷ ᠭᠠᠭᠴᠠᠬᠠᠨ ᠨᠡᠭᠦᠷᠡᠰᠤ ᠢᠮᠫᠤᠷᠲ᠋ᠯᠠᠬᠤ ᠲᠡᠤᠬᠡ ᠶᠢ ᠡᠴᠤᠰᠯᠡᠭᠦᠯᠵᠠᠢ᠃ 8 ᠵᠢᠯ ᠤᠨ ᠲᠤᠷᠰᠢ ᠤᠷᠠᠳ ᠤᠨ ᠬᠢᠵᠢᠭ᠌ ᠢ ᠬᠢᠨᠠᠨ ᠪᠠᠶᠢᠴᠠᠭᠠᠬᠤ ᠲᠤᠪᠴᠢᠶ᠎ᠠ ᠡᠴᠡ ᠪᠤᠭᠤᠮᠲᠠ ᠶᠢᠨ ᠰᠠᠭᠤᠷᠢ ᠪᠦᠲᠦᠴᠡ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠤ᠂ ᠪᠤᠭᠤᠮᠲᠠ ᠳᠠᠪᠠᠬᠤ ᠤᠷᠴᠢᠨ ᠢ ᠰᠠᠶᠢᠵᠢᠷᠠᠭᠤᠯᠤᠨ᠂ ᠮᠣᠩᠭᠣᠯ ᠤᠯᠤᠰ ᠤᠨ ᠠᠭᠤᠷᠬᠠᠢ ᠶᠢᠨ ᠭᠠᠷᠤᠯᠲᠠ ᠶᠢᠨ《ᠰᠢᠯᠢᠳᠡᠭ ᠢ ᠤᠷᠤᠭᠤᠯᠵᠤ ᠰᠢᠯᠢᠳᠡᠭ ᠢ ᠭᠠᠷᠭᠠᠬᠤ》 ᠶ᠋ᠢ ᠪᠠᠲᠤᠯᠠᠪᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121636203