蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠨᠡᠬᠦᠷᠡᠰᠦᠨ ᠤ ᠬᠠᠳᠠᠭᠠᠯᠠᠬᠳᠠᠴᠠ ᠲᠦᠮᠡᠨ ᠳ᠋ᠦᠩᠰᠢᠭᠤᠷ ᠲᠤᠨ ᠢ ᠲᠠᠪᠠᠵᠦ ᠤᠯᠤᠰ ᠳᠠᠶᠠᠭᠠᠷ ᠲᠤ ᠲᠦᠷᠦᠬᠦᠯᠡᠪᠡ

2017-09-10 12:45

    ᠲᠦᠷᠦᠬᠦᠬᠡᠨ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠪᠠ ᠮᠡᠳᠡᠬᠡ ᠵᠠᠩᠬᠢᠵᠢᠯᠳᠠ ᠵᠢᠨ ᠵᠦᠪᠯᠡᠯ ᠡᠴᠡ ᠤᠢᠢᠯᠠᠭᠠᠬᠰᠨᠨ ᠵᠢᠡᠷ᠂ ᠦᠪᠦᠷ ᠮᠣᠩᠭᠣᠯ ᠤᠨ ᠨᠢᠬᠡᠨᠳᠡ ᠬᠠᠢᠢᠨ ᠢᠯᠡᠷᠡᠬᠦᠯᠦᠭᠰᠡᠨ ᠨᠡᠬᠦᠷᠡᠰᠦᠨ ᠠᠭᠤᠷᠬᠠᠢ ᠵᠢᠨ ᠡᠬᠢ ᠪᠠᠶᠠᠯᠢᠬ ᠤᠨ ᠬᠠᠳᠠᠭᠠᠯᠠᠬᠳᠠᠴᠠ10246 ᠳ᠋ᠦᠩᠰᠢᠭᠤᠷ ᠲᠤᠨ ᠳ᠋ᠤ ᠬᠦᠷᠴᠤ᠂ ᠲᠦᠮᠡᠨ ᠳ᠋ᠦᠩᠰᠢᠭᠤᠷ ᠲᠤᠨ ᠤ ᠪᠤᠭᠤᠮᠳᠠ ᠶᠢ ᠲᠠᠪᠠᠵᠦ᠂ ᠤᠯᠤᠰ ᠳᠠᠶᠠᠭᠠᠷ ᠲᠤ ᠲᠦᠷᠦᠬᠦᠯᠡᠯ᠎ᠠ᠃

    ᠤᠢᠢᠯᠠᠭᠠᠬᠰᠠᠨ ᠵᠢᠡᠷ᠂ ᠤᠳᠤᠬᠠᠨ ᠳ᠋ᠤ ᠦᠪᠦᠷ ᠮᠣᠩᠭᠣᠯ ᠤᠨ ᠵᠢᠯ ᠤᠨ ᠨᠡᠬᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠨᠢ 11.4 ᠳ᠋ᠦᠩᠰᠢᠭᠤᠷ ᠲᠤᠨ ᠳ᠋ᠤ ᠬᠦᠷᠴᠤ᠂ ᠵᠢᠯ ᠤᠨ ᠦᠢᠯᠡᠳᠪᠦᠷᠢᠯᠡᠯ ᠤᠨ ᠬᠡᠮᠵᠢᠶ᠎ᠠ ᠨᠢ 8.5 ᠳ᠋ᠦᠩᠰᠢᠭᠤᠷ ᠲᠤᠨ ᠳ᠋ᠤ ᠬᠦᠷᠴᠤ᠂ ᠪᠠᠷᠤᠭ ᠤᠯᠤᠰ ᠳᠠᠶᠠᠭᠠᠷ ᠤᠨ1/4 ᠵᠢ ᠡᠵᠡᠯᠡᠵᠦ᠂ ᠨᠢᠬᠡᠨᠳᠡ ᠤᠯᠤᠰ ᠤᠨ ᠲᠤᠳᠤᠭᠠᠳᠤ ᠵᠢᠨ ᠨᠡᠬᠦᠷᠡᠰᠦᠨ ᠤ ᠡᠬᠢ ᠪᠠᠶᠠᠯᠢᠬ ᠤᠨ ᠭᠤᠤᠯ ᠦᠢᠯᠡᠳᠪᠦᠷᠢᠯᠡᠯ ᠤᠨ ᠪᠦᠰᠡ ᠪᠤᠯᠤᠬᠰᠠᠨ ᠪᠠᠢᠢᠨ᠎ᠠ᠃ ᠰᠡᠭᠦᠯ ᠤᠨ ᠵᠢᠯ ᠡᠴᠡ᠂ ᠤᠯᠤᠰ ᠤᠨ ᠨᠡᠬᠦᠷᠡᠰᠦᠨ ᠤ ᠦᠯᠡᠬᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠵᠢ ᠰᠢᠢᠳᠪᠦᠷᠢᠯᠡᠬᠦ ᠲᠦᠷᠦ ᠵᠢᠨ ᠪᠤᠳᠤᠯᠭ᠎ᠠ ᠵᠢᠨ ᠬᠦᠨᠵᠡᠬᠡᠢ ᠬᠡᠷᠡᠭᠵᠢᠬᠦᠯᠦᠭᠳᠡᠬᠦ ᠵᠢ ᠲᠠᠭᠠᠯᠳᠤᠵᠦ᠂ ᠦᠪᠦᠷ ᠮᠣᠩᠭᠣᠯ ᠤᠨ ᠲᠦᠬᠦᠬᠡᠢ ᠨᠡᠬᠦᠷᠡᠰᠤᠨ ᠤ ᠦᠢᠯᠡᠳᠪᠦᠷᠢᠯᠡᠯ ᠤᠨ ᠬᠡᠮᠵᠢᠶ᠎ᠠ ᠨᠢᠬᠡᠨᠳᠡ 2011 ᠤᠨ ᠳᠤ 98441 ᠲᠦᠮᠡᠨ ᠲᠤᠨ ᠪᠠᠢᠢᠬᠰᠠᠨ ᠡᠴᠡ ᠪᠠᠨ ᠨᠢᠳᠤᠨᠤᠨ ᠪᠤᠯᠬᠤ ᠳ᠋ᠤ 83828 ᠲᠦᠮᠡᠨ ᠲᠤᠨ ᠪᠤᠯᠵᠦ ᠪᠠᠭᠤᠷᠠᠬᠰᠠᠨ ᠪᠠᠢᠢᠨ᠎ᠠ᠃ ᠡᠭᠦᠨ ᠡᠴᠡ ᠭᠠᠳᠠᠨ᠎ᠠ᠂ ᠰᠡᠭᠦᠯ ᠤᠨ ᠵᠢᠯ ᠳ᠋ᠤ ᠦᠪᠦᠷ ᠮᠣᠩᠭᠣᠯ ᠪᠠᠰᠠ ᠠᠯᠳᠠ᠂ ᠮᠤᠯᠢᠪᠳ᠋ᠸᠨ ᠵᠡᠷᠬᠡ ᠨᠢᠬᠡ ᠪᠦᠯᠦᠭ ᠨᠡᠬᠦᠷᠡᠰᠦᠨ ᠡᠴᠡ ᠪᠤᠰᠤᠳ ᠲᠤᠮᠤ ᠲᠤᠮᠳᠠ ᠬᠡᠯᠪᠡᠷᠢ ᠵᠢᠨ ᠠᠭᠤᠷᠬᠠᠢ ᠵᠢ ᠰᠢᠨ᠎ᠠ ᠪᠡᠷ ᠢᠯᠡᠷᠡᠬᠦᠯᠵᠦ᠂ ᠬᠠᠢᠢᠨ ᠢᠯᠡᠷᠡᠬᠦᠯᠦᠭᠰᠡᠨ ᠠᠭᠤᠷᠬᠠᠢ ᠵᠢᠨ ᠬᠠᠳᠠᠭᠠᠯᠠᠬᠳᠠᠴᠠ ᠨᠢ ᠮᠠᠰᠢ ᠶᠡᠬᠡ ᠪᠠᠢᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121638675