蒙古文网站Logo
ᠰᠢᠨᠬᠤᠸᠠ ᠮᠤᠩᠭ᠋ᠤᠯ ᠨᠧᠲ

8 ᠰᠠᠷ᠎ᠠ ᠳᠤ ᠦᠪᠦᠷ ᠮᠣᠩᠭᠣᠯ ᠤᠨ ᠠᠭᠤᠷᠬᠠᠢ ᠡᠴᠡ ᠰᠠᠶ᠊ᠢ ᠭᠠᠷᠤᠭᠰᠠᠨ ᠰᠢᠲᠠᠭᠠᠯᠭ᠎ᠠ ᠶᠢᠨ ᠨᠡᠭᠦᠷᠡᠰᠦᠨ ᠤ ᠦᠨ᠎ᠠ ᠦᠩᠭᠡᠷᠡᠭᠰᠡᠨ ᠤᠨ ᠤ ᠮᠦᠨ ᠦᠶ᠎ᠠ ᠡᠴᠡ 40% ᠪᠡᠷ ᠨᠡᠮᠡᠭᠳᠡᠪᠡ

2017-09-12 11:52

    ᠰᠢᠨᠬᠤᠸᠠ ᠬᠤᠷᠢᠶ᠎ᠠ   ᠬᠦᠬᠡᠬᠤᠲᠠ ᠶᠢᠨ 9 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠳ᠋ᠦᠩ ᠯᠦ) ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠭ᠍ᠵᠢᠭᠦᠯᠦᠯᠲᠠ ᠦᠭᠡᠷᠡᠴᠢᠯᠡᠯᠲᠠ ᠶᠢᠨ ᠵᠥᠪᠯᠡᠯ ᠤᠨ ᠦᠨ᠎ᠠ ᠬᠠᠩᠰᠢ ᠶᠢᠨ ᠬᠢᠨᠠᠨ ᠪᠠᠶᠢᠴᠠᠭᠠᠯᠲᠠ ᠶᠢᠨ ᠲᠦᠪ ᠡᠴᠡ ᠤᠶᠢᠯᠠᠭᠠᠭᠰᠨ ᠢᠶᠡᠷ᠂ ᠦᠨᠦ ᠵᠢᠯ ᠤᠨ 8 ᠰᠠᠷ᠎ᠠ ᠳᠤ᠂ ᠦᠪᠦᠷ ᠮᠣᠩᠭᠣᠯ ᠤᠨ ᠠᠭᠤᠷᠬᠠᠢ ᠡᠴᠡ ᠰᠠᠶ᠊ᠢ ᠭᠠᠷᠤᠭᠰᠠᠨ ᠰᠢᠲᠠᠭᠠᠯᠭ᠎ᠠ ᠶᠢᠨ ᠨᠡᠭᠦᠷᠡᠰᠦᠨ ᠤ ᠦᠨ᠎ᠠ 7 ᠰᠠᠷ᠎ᠠ ᠡᠴᠡ ᠨᠠᠰᠢ ᠪᠠᠭ᠎ᠠ ᠦᠰᠴᠤ᠂ ᠳᠤᠮᠳᠠᠴᠢ ᠦᠨ᠎ᠠ ᠬᠠᠩᠰᠢ ᠨᠢ ᠲᠤᠨ ᠪᠦᠷᠢ ᠳᠤ ᠪᠡᠨ 200.64 ᠲᠦᠬᠦᠷᠢᠭ᠌ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 0.39% ᠪᠡᠷ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ 42.64% ᠪᠡᠷ ᠦᠰᠴᠠᠢ᠃ ᠤᠷᠢᠳᠴᠢᠯᠠᠨ ᠲᠤᠭᠠᠴᠠᠭᠠᠯᠠᠭᠰᠠᠨ ᠢᠶᠡᠷ 9 ᠰᠠᠷ᠎ᠠ ᠳᠤ ᠦᠨ᠎ᠠ ᠬᠠᠩᠰᠢ ᠨᠢ ᠮᠦᠨ ᠪᠠᠭ᠎ᠠ ᠦᠰᠬᠦ ᠶᠤᠮ ᠪᠠᠶᠢᠨ᠎ᠠ᠃

    8 ᠰᠠᠷ᠎ᠠ ᠳᠤ ᠦᠪᠦᠷ ᠮᠣᠩᠭᠣᠯ ᠤᠨ ᠵᠡᠭᠦᠨ ᠪᠦᠰᠡ ᠨᠤᠲᠤᠭ ᠤᠨ ᠠᠭᠤᠷᠬᠠᠢ ᠡᠴᠡ ᠰᠠᠶ᠊ᠢ ᠭᠠᠷᠤᠭᠰᠠᠨ ᠬᠦᠷᠠᠩ ᠨᠡᠭᠦᠷᠡᠰᠦᠨ ᠤ ᠲᠤᠭᠠᠴᠠᠭᠠᠨ ᠤ ᠳᠤᠮᠳᠠᠴᠢ ᠦᠨ᠎ᠠ ᠲᠤᠨ ᠪᠦᠷᠢ ᠳᠤ ᠪᠡᠨ 150.78 ᠲᠦᠬᠦᠷᠢᠭ᠌ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 0.84% ᠪᠡᠷ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ 41.65% ᠪᠡᠷ ᠦᠰᠪᠠ᠃ ᠤᠷᠳᠤᠰ ᠬᠤᠲᠠ ᠶᠢᠨ ᠠᠭᠤᠷᠬᠠᠢ ᠡᠴᠡ ᠰᠠᠶ᠊ᠢ ᠭᠠᠷᠤᠭᠰᠠᠨ ᠰᠢᠲᠠᠭᠠᠯᠭ᠎ᠠ ᠶᠢᠨ ᠨᠡᠭᠦᠷᠡᠰᠦᠨ ᠤ ᠲᠤᠭᠠᠴᠠᠭᠠᠨ ᠤ ᠳᠤᠮᠳᠠᠴᠢ ᠦᠨ᠎ᠠ ᠲᠤᠨ ᠪᠦᠷᠢ ᠳᠤ ᠪᠡᠨ 273.89 ᠲᠦᠬᠦᠷᠢᠭ᠌ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 5.34 % ᠪᠡᠷ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ 58.01% ᠪᠡᠷ ᠦᠰᠦᠭᠰᠡᠨ ᠪᠠᠶᠢᠨ᠎ᠠ᠃

    ᠠᠳᠠᠯᠢ ᠬᠤᠭᠤᠴᠠᠭᠠᠨ ᠳᠤ᠂ ᠦᠪᠦᠷ ᠮᠣᠩᠭᠣᠯ ᠤᠨ ᠴᠠᠬᠢᠯᠭᠠᠨ ᠭᠠᠷᠭᠠᠬᠤ ᠨᠡᠭᠦᠷᠡᠰᠦ ᠶᠢ ᠬᠤᠳᠠᠯᠳᠤᠨ ᠤᠷᠤᠭᠤᠯᠬᠤ ᠦᠨ᠎ᠠ ᠨᠢ ᠲᠤᠨ ᠪᠦᠷᠢ ᠳᠤ ᠪᠡᠨ 201.05 ᠲᠦᠬᠦᠷᠢᠭ᠌ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 2.22% ᠢᠶᠡᠷ ᠦᠰᠴᠤ᠂ ᠦᠩᠭᠡᠷᠡᠭᠰᠡᠨ ᠤᠨ ᠤ ᠮᠦᠨ ᠦᠶ ᠠ ᠡᠴᠡ 42.98% ᠪᠡᠷ ᠦᠰᠴᠠᠢ᠃

    ᠬᠠᠮᠤᠭ ᠤᠨ ᠰᠢᠨ᠎ᠠ ᠲᠤᠭ᠎ᠠ ᠪᠦᠷᠢᠳᠭᠡᠯ ᠳᠤ ᠢᠯᠡᠷᠡᠭᠰᠡᠨ ᠢᠶᠡᠷ᠂ 9 ᠰᠠᠷ᠎ᠠ᠎ ᠶᠢᠨ 5  ᠤ ᠡᠳᠦᠷ᠂ ᠦᠪᠦᠷ ᠮᠣᠩᠭᠣᠯ ᠤᠨ ᠭᠤᠤᠯ ᠭᠠᠷᠤᠯᠲᠠ ᠶᠢᠨ ᠠᠭᠤᠷᠬᠠᠢ ᠡᠴᠡ ᠰᠠᠶ᠊ᠢ ᠭᠠᠷᠤᠭᠰᠠᠨ ᠰᠢᠲᠠᠭᠠᠯᠭ᠎ᠠ ᠶᠢᠨ ᠨᠡᠭᠦᠷᠡᠰᠦᠨ ᠤ ᠲᠤᠭᠠᠴᠠᠭᠠᠨ ᠤ ᠳᠤᠮᠳᠠᠴᠢ ᠦᠨ᠎ᠠ ᠲᠤᠨ ᠪᠦᠷᠢ ᠳᠤ ᠪᠡᠨ 206.91 ᠲᠦᠬᠦᠷᠢᠭ᠌ ᠬᠦᠷᠴᠤ᠂ ᠴᠠᠬᠢᠯᠭᠠᠨ ᠭᠠᠷᠭᠠᠬᠤ ᠨᠡᠭᠦᠷᠡᠰᠦ ᠬᠤᠳᠠᠯᠳᠤᠨ ᠤᠷᠤᠭᠤᠯᠬᠤ ᠳᠤᠮᠳᠠᠴᠢ ᠦᠨ᠎ᠠ ᠲᠤᠨ ᠪᠦᠷᠢ ᠳᠤ ᠪᠡᠨ 207.26 ᠲᠦᠬᠦᠷᠢᠭ᠌ ᠬᠦᠷᠦᠨ᠂ ᠦᠩᠭᠡᠷᠡᠭᠰᠡᠨ ᠡᠭᠡᠯᠵᠢ ᠶᠢᠨ ᠬᠢ ᠡᠴᠡ ᠴᠦᠮ ᠪᠠᠭ᠎ᠠ ᠦᠰᠦᠯᠲᠠ ᠲᠠᠢ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121649294