蒙古文网站Logo
ᠰᠢᠨᠬᠤᠸᠠ ᠮᠤᠩᠭ᠋ᠤᠯ ᠨᠧᠲ

ᠮᠠᠨᠵᠤᠤᠷ ᠪᠤᠭᠤᠮᠲᠠ ᠶᠢᠨ ᠲᠦᠷᠦᠭᠦᠦ ᠨᠠᠶ᠋ᠮᠠᠨ ᠰᠠᠷ᠎ᠠ ᠶᠢᠨ ᠵᠢᠮᠢᠰ ᠨᠤᠭᠤᠭ᠎ᠠ ᠡᠺᠰᠫᠤᠷᠲ᠋ᠯᠠᠭᠰᠠᠨ ᠬᠡᠮᠵᠢᠶ᠎ᠠ ᠳᠡᠬᠢᠨᠲᠠ ᠰᠢᠨ᠎ᠠ ᠲᠡᠮᠳᠡᠭᠯᠡᠯ ᠡᠭᠦᠳᠪᠡ

2017-09-14 17:21

    ᠦᠪᠦᠷ ᠮᠣᠩᠭᠣᠯ ᠤᠨ ᠬᠢᠯᠢ ᠪᠡᠷ ᠭᠠᠷᠭᠠᠬᠤ ᠤᠷᠤᠭᠤᠯᠬᠤ ᠶᠢ ᠰᠢᠯᠭᠠᠨ ᠪᠠᠶᠢᠴᠠᠭᠠᠬᠤ ᠲᠤᠪᠴᠢᠶ᠎ᠠ ᠶᠢᠨ ᠰᠤᠷᠠᠭ ᠵᠠᠩᠭᠢ ᠶᠢ ᠦᠨᠳᠦᠰᠦᠯᠡᠪᠡᠯ᠂ 8 ᠰᠠᠷ᠎ᠠ ᠶᠢᠨ ᠰᠡᠭᠦᠯᠴᠢ ᠪᠤᠯᠲᠠᠯ᠎ᠠ᠂ ᠮᠠᠨᠵᠤᠤᠷ ᠪᠤᠭᠤᠮᠲᠠ ᠪᠡᠷ ᠡᠺᠰᠫᠤᠷᠲ᠋ᠯᠠᠭᠰᠠᠨ ᠨᠤᠭᠤᠭ᠎ᠠ ᠵᠢᠮᠢᠰ 21276 ᠪᠦᠯᠦᠭ᠌᠂ 278405 ᠲᠤᠨ᠂  17347 ᠲᠦᠮᠡᠨ ᠳ᠋ᠤᠯᠯᠠᠷ ᠤᠨ ᠦᠷᠲᠡᠭ ᠲᠠᠢ᠂ ᠡᠨᠡ ᠨᠢ ᠦᠩᠭᠡᠷᠡᠭᠰᠡᠨ ᠤᠨ ᠤ ᠮᠦᠨ ᠦᠶ᠎ᠠ ᠡᠴᠡ ᠲᠤᠰ ᠪᠦᠷᠢ 18.36%᠂ 32.17% ᠪᠤᠯᠤᠨ 22.85% ᠪᠡᠷ ᠨᠡᠮᠡᠭᠳᠡᠪᠡ᠃

    2015 ᠤᠨ ᠳᠤ᠂ ᠮᠠᠨᠵᠤᠤᠷ ᠪᠤᠭᠤᠮᠲᠠ ᠤᠷᠤᠰ ᠲᠤ ᠠᠩᠬ᠎ᠠ ᠨᠤᠭᠤᠭ᠎ᠠ ᠵᠢᠮᠢᠰ ᠡᠺᠰᠫᠤᠷᠲ᠋ᠯᠠᠵᠤ ᠡᠬᠢᠯᠡᠭᠰᠡᠨ ᠡᠴᠡ ᠨᠤᠭᠤᠭ᠎ᠠ ᠵᠢᠮᠢᠰ ᠡᠺᠰᠫᠤᠷᠲ᠋ᠯᠠᠬᠤ ᠬᠤᠭᠤᠰᠤᠨ ᠢ ᠨᠦᠬᠦᠪᠦᠷᠢᠯᠡᠵᠦ᠂ ᠮᠠᠨ ᠤ ᠤᠯᠤᠰ ᠡᠴᠡ ᠤᠷᠤᠰ ᠲᠤ ᠨᠤᠭᠤᠭ᠎ᠠ ᠵᠢᠮᠢᠰ ᠡᠺᠰᠫᠤᠷᠲ᠋ᠯᠠᠬᠤ ᠵᠠᠮ ᠢ ᠨᠡᠭᠡᠭᠡᠵᠠᠢ᠃ 2016 ᠤᠨ ᠳᠤ᠂ ᠤᠷᠤᠰ ᠲᠠᠷᠢᠶᠠᠯᠠᠩ ᠤᠨ ᠪᠦᠲᠦᠭᠡᠭ᠍ᠲᠡᠬᠦᠨ ᠢᠮᠫᠤᠷᠲ᠋ᠯᠠᠬᠤ ᠬᠤᠷᠢᠭᠠᠨ ᠤ ᠬᠦᠷᠢᠶ᠎ᠠ ᠴᠠᠭᠠᠷᠠᠭ᠎ᠠ ᠪᠡᠨ ᠦᠷᠭᠡᠳᠭᠡᠭ᠍ᠰᠡᠨ ᠢᠶᠡᠷ ᠲᠦᠷᠺ ᠪᠤᠯᠤᠨ ᠦᠺᠷᠠᠶᠢᠨ ᠤ ᠨᠤᠭᠤᠭ᠎ᠠ ᠵᠢᠮᠢᠰ ᠬᠤᠷᠢᠭᠠᠨ ᠤ ᠨᠡᠷᠡᠰ ᠲᠤ ᠵᠢᠬᠰᠠᠭᠠᠭᠳᠠᠪᠠ᠂ ᠮᠠᠨ ᠤ ᠤᠯᠤᠰ ᠤᠷᠤᠰ ᠲᠤ ᠡᠺᠰᠫᠤᠷᠲ᠋ᠯᠠᠬᠤ ᠵᠠᠬ᠎ᠠ ᠵᠡᠭᠡᠯᠢ ᠦᠷᠭᠡᠳᠴᠤ᠂ ᠳᠤᠮᠳᠠᠳᠤ ᠤᠯᠤᠰ ᠤᠨ ᠨᠤᠭᠤᠭ᠎ᠠ ᠵᠢᠮᠢᠰ ᠢ ᠡᠺᠰᠫᠤᠷᠲ᠋ᠯᠠᠬᠤ ᠳᠤ ᠰᠢᠨ᠎ᠠ ᠬᠦᠭ᠍ᠵᠢᠯᠲᠠ ᠶᠢᠨ ᠠᠵᠠ ᠲᠤᠬᠢᠶᠠᠯ ᠠᠪᠴᠢᠷᠠᠵᠠᠢ᠃

ᠢᠷᠡᠯᠳᠡ᠄ ᠲᠦᠪ ᠲᠸᠯᠸᠢᠰ ᠤᠨ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121664913