蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠭᠠᠩᠳᠠᠭᠰᠠᠨ ᠪᠦᠰᠡ ᠨᠤᠲᠤᠭ ᠤᠨ ᠲᠠᠯᠠᠪᠠᠢ 74.3 ᠲᠦᠮᠡᠨ ᠺᠦᠸᠠᠳ᠋ ᠺᠢᠯᠦᠮᠸᠲ᠋ᠷ ᠬᠦᠷᠴᠠᠢ

2017-09-19 17:13

    ᠦᠪᠦᠷ ᠮᠣᠩᠭᠣᠯ ᠤᠨ ᠴᠠᠭ ᠠᠭᠤᠷ ᠤᠨ ᠲᠤᠪᠴᠢᠶ᠎ᠠ ᠶᠢᠨ ᠦᠴᠦᠭᠡᠳᠦᠷ ᠤᠨ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ ᠤᠳᠤᠬᠠᠨ ᠳᠤ᠂ ᠦᠪᠦᠷ ᠮᠣᠩᠭᠣᠯ ᠤᠨ ᠶᠡᠬᠡᠩᠬᠢ ᠪᠦᠰᠡ ᠨᠤᠲᠤᠭ ᠤᠨ ᠴᠢᠭᠢᠭ᠍ᠳᠡᠴᠡ ᠶᠢᠨ ᠬᠡᠮᠵᠢᠶ᠎ᠠ ᠠᠨᠠᠢ᠂ ᠤᠷᠤᠨ ᠳᠠᠶᠠᠭᠠᠷ ᠤᠨ ᠭᠠᠩᠳᠠᠭᠰᠠᠨ ᠪᠦᠰᠡ ᠨᠤᠲᠤᠭ ᠤᠨ ᠲᠠᠯᠠᠪᠠᠢ 74.3 ᠲᠦᠮᠡᠨ ᠺᠦᠸᠠᠳ᠋ ᠺᠢᠯᠦᠮᠸᠲ᠋ᠷ ᠲᠤ ᠬᠦᠷᠴᠤ᠂ ᠨᠠᠮᠤᠷ ᠤᠨ ᠬᠤᠷᠢᠶᠠᠯᠲᠠ ᠪᠤᠯᠤᠨ ᠬᠠᠳᠤᠯᠠᠩ ᠤᠨ ᠠᠵᠢᠯ ᠳᠤ ᠳᠦᠭᠦᠮ ᠦᠭᠡᠢ ᠪᠤᠯᠪᠠ᠃

    ᠦᠪᠦᠷ ᠮᠣᠩᠭᠣᠯ ᠤᠨ ᠠᠮᠢ ᠠᠬᠤᠢ ᠪᠤᠯᠤᠨ ᠲᠠᠷᠢᠶᠠᠯᠠᠩ ᠠᠵᠤ ᠠᠬᠤᠢ ᠶᠢᠨ ᠴᠠᠭ ᠠᠭᠤᠷ ᠤᠨ ᠲᠦᠪ ᠤᠨ ᠬᠢᠨᠡᠨ ᠬᠡᠮᠵᠢᠯᠲᠠ ᠪᠡᠷ᠂ 9 ᠰᠠᠷ᠎ᠠ ᠶᠢᠨ 14 ᠤ ᠡᠳᠦᠷ ᠪᠤᠯᠲᠠᠯ᠎ᠠ᠂ ᠤᠷᠤᠨ ᠳᠠᠶᠠᠭᠠᠷ ᠤᠨ ᠭᠠᠩᠳᠠᠭᠰᠠᠨ ᠪᠦᠰᠡ ᠨᠤᠲᠤᠭ ᠤᠨ ᠲᠠᠯᠠᠪᠠᠢ 74.3 ᠲᠦᠮᠡᠨ ᠺᠦᠸᠠᠳ᠋ ᠺᠢᠯᠦᠮᠸᠲ᠋ᠷ ᠲᠤ ᠬᠦᠷᠴᠠᠢ᠃ ᠡᠭᠦᠨ ᠳᠤ᠂ ᠤᠨᠴᠠ ᠭᠠᠩᠳᠠᠭᠰᠠᠨ ᠪᠦᠰᠡ ᠨᠤᠲᠤᠭ ᠤᠨ ᠲᠠᠯᠠᠪᠠᠢ 13.3 ᠲᠦᠮᠡᠨ ᠺᠦᠸᠠᠳ᠋ ᠺᠢᠯᠦᠮᠸᠲ᠋ᠷ ᠬᠦᠷᠴᠤ᠂ ᠬᠦᠨᠲᠤ ᠭᠠᠩᠳᠠᠭᠰᠠᠨ ᠪᠦᠰᠡ ᠨᠤᠲᠤᠭ ᠤᠨ ᠲᠠᠯᠠᠪᠠᠢ 24.6 ᠲᠦᠮᠡᠨ ᠺᠦᠸᠠᠳ᠋ ᠺᠢᠯᠦᠮᠸᠲ᠋ᠷ ᠬᠦᠷᠤᠨ᠂ ᠳᠤᠮᠳᠠ ᠵᠡᠷᠭᠡ ᠭᠠᠩᠳᠠᠭᠰᠠᠨ ᠪᠦᠰᠡ ᠨᠤᠲᠤᠭ ᠤᠨ ᠲᠠᠯᠠᠪᠠᠢ 21.8 ᠲᠦᠮᠡᠨ ᠺᠦᠸᠠᠳ᠋ ᠺᠢᠯᠦᠮᠸᠲ᠋ᠷ ᠬᠦᠷᠴᠤ᠂ ᠬᠦᠩᠭᠡᠨ ᠭᠠᠩᠳᠠᠭᠰᠠᠨ ᠪᠦᠰᠡ ᠨᠤᠲᠤᠭ ᠤᠨ ᠲᠠᠯᠠᠪᠠᠢ 14.6 ᠲᠦᠮᠡᠨ ᠺᠦᠸᠠᠳ᠋ ᠺᠢᠯᠦᠮᠸᠲ᠋ᠷ ᠬᠦᠷᠦᠭᠰᠡᠨ ᠪᠠᠶᠢᠨ᠎ᠠ᠃

    ᠭᠤᠤᠯᠳᠠᠭᠤ ᠬᠦᠯᠦᠨ ᠪᠤᠶᠢᠷ ᠤᠨ ᠪᠠᠷᠠᠭᠤᠨ ᠬᠡᠰᠡᠭ᠂ ᠬᠢᠩᠭ᠋ᠠᠨ ᠠᠶᠢᠮᠠᠭ ᠤᠨ ᠪᠠᠷᠠᠭᠤᠨ ᠬᠡᠰᠡᠭ᠂ ᠲᠦ᠋ᠩᠯᠢᠶᠤᠤ ᠬᠤᠲᠠ ᠶᠢᠨ ᠶᠡᠬᠡᠩᠬᠢ ᠪᠦᠰᠡ ᠨᠤᠲᠤᠭ᠂ ᠰᠢᠯᠢ ᠶᠢᠨ ᠭᠤᠤᠯ ᠠᠶᠢᠮᠠᠭ ᠤᠨ ᠤᠮᠠᠷᠠᠲᠤ ᠬᠡᠰᠡᠭ᠂ ᠤᠯᠠᠭᠠᠨᠴᠠᠪ ᠬᠤᠲᠠ ᠶᠢᠨ ᠶᠡᠬᠡᠩᠬᠡᠢ ᠪᠦᠰᠡ ᠨᠤᠲᠤᠭ᠂ ᠪᠤᠭᠤᠲᠤ ᠬᠤᠲᠠ ᠶᠢᠨ ᠶᠡᠬᠡᠩᠬᠢ ᠪᠦᠰᠡ ᠨᠤᠲᠤᠭ᠂ ᠬᠦᠬᠡᠬᠤᠲᠠ ᠶᠢᠨ ᠳᠤᠮᠲᠠ ᠬᠡᠰᠡᠭ᠂ ᠪᠠᠶᠠᠨᠨᠠᠭᠤᠷ ᠬᠤᠲᠠ ᠶᠢᠨ ᠶᠡᠬᠡᠩᠬᠢ ᠪᠦᠰᠡ ᠨᠤᠲᠤᠭ᠂ ᠤᠷᠳᠤᠰ ᠬᠤᠲᠠ ᠶᠢᠨ ᠪᠠᠷᠠᠭᠤᠨ ᠬᠡᠰᠡᠭ ᠵᠢᠴᠢ ᠤᠮᠠᠷᠠᠲᠤ ᠬᠡᠰᠡᠭ᠂ ᠠᠯᠠᠱᠠ ᠠᠶᠢᠮᠠᠭ ᠤᠨ ᠶᠡᠬᠡᠩᠬᠢ ᠪᠦᠰᠡ ᠨᠤᠲᠤᠬ ᠲᠤ ᠳᠤᠮᠳᠠ ᠵᠡᠷᠭᠡ ᠵᠢᠴᠢ ᠡᠭᠦᠨ ᠡᠴᠡ ᠳᠡᠭᠡᠭ᠍ᠰᠢ ᠬᠡᠮᠵᠢᠶᠠᠨ ᠳᠤ ᠭᠠᠩᠲᠠᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121689931