蒙古文网站Logo
ᠰᠢᠨᠬᠤᠸᠠ ᠮᠤᠩᠭ᠋ᠤᠯ ᠨᠧᠲ

ᠲᠦᠷᠦᠭᠦᠦ 8 ᠰᠠᠷ᠎ᠠ ᠳᠤ ᠬᠦᠳᠡᠭᠡ ᠤᠷᠤᠨ ᠨᠤᠲᠤᠭ ᠤᠨ ᠴᠠᠬᠢᠮ ᠬᠤᠳᠠᠯᠳᠤᠭᠠᠨ ᠤ ᠨᠡᠮᠡᠭᠳᠡᠴᠠ ᠶᠢᠨ ᠬᠤᠷᠳᠤᠴᠠ  ᠬᠤᠲᠠ ᠶᠢᠨ ᠬᠢ ᠡᠴᠡ ᠵᠠᠭᠤᠨ ᠤ ᠬᠠᠷᠢᠴᠠᠯ ᠢᠶᠡᠷ 5.6 ᠪᠡᠷ ᠬᠤᠷᠳᠤᠨ ᠪᠠᠶᠢᠯ᠎ᠠ

2017-09-22 10:53

    ᠬᠤᠳᠠᠯᠳᠤᠭᠠᠨ ᠤ ᠶᠠᠪᠤᠳᠠᠯ ᠤᠨ ᠶᠠᠮᠤᠨ 21 ᠤ ᠡᠳᠦᠷ ᠬᠤᠷᠠᠯᠳᠤᠭᠰᠠᠨ ᠬᠡᠪᠯᠡᠯ ᠮᠡᠳᠡᠭᠡᠯᠡᠯ ᠤᠨ ᠬᠤᠷᠠᠯ ᠳᠡᠭᠡᠷ᠎ᠠ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠦᠭᠦᠯᠡᠭᠴᠢ ᠭᠤᠤ ᠹᠸᠩ ᠲᠠᠨᠢᠯᠴᠠᠭᠤᠯᠤᠭᠰᠠᠨ ᠨᠢ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠢᠨᠠᠨ ᠬᠡᠮᠵᠢᠯᠲᠠ ᠶᠢ ᠦᠨᠳᠦᠰᠦᠯᠡᠪᠡᠯ᠂ 1-8 ᠰᠠᠷ᠎ᠠ ᠳᠤ ᠤᠯᠤᠰ ᠳᠠᠶᠠᠭᠠᠷ ᠤᠨ ᠬᠦᠳᠡᠭᠡ ᠤᠷᠤᠨ ᠨᠤᠲᠤᠭ ᠤᠨ ᠨᠸᠲ ᠢᠶᠡᠷ ᠵᠢᠵᠢᠭᠯᠡᠨ ᠪᠤᠷᠤᠯᠠᠭᠤᠯᠤᠭᠰᠠᠨ ᠦᠷᠲᠡᠭ 7290 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 38.1% ᠪᠡᠷ ᠨᠡᠮᠡᠭᠳᠡᠨ᠂ ᠬᠤᠲᠠ ᠶᠢᠨ ᠨᠸᠲ ᠢᠶᠡᠷ ᠵᠢᠵᠢᠭᠯᠡᠨ ᠪᠤᠷᠤᠯᠠᠭᠤᠯᠤᠭᠰᠠᠨ ᠬᠡᠮᠵᠢᠶᠠᠨ ᠤ ᠨᠡᠮᠡᠭᠳᠡᠴᠡ ᠡᠴᠡ ᠵᠠᠭᠤᠨ ᠤ ᠬᠠᠷᠢᠴᠠᠯ ᠢᠶᠡᠷ 5.6 ᠪᠡᠷ ᠬᠤᠷᠳᠤᠨ ᠪᠠᠶᠢᠯ᠎ᠠ᠃

    ᠬᠡᠷᠡᠭᠯᠡᠭᠡᠨ ᠤ ᠪᠦᠲᠦᠴᠡ ᠡᠴᠡ ᠠᠪᠴᠤ ᠦᠵᠡᠪᠡᠯ᠂ ᠬᠦᠳᠡᠭᠡ ᠤᠷᠤᠨ ᠨᠤᠲᠤᠭ ᠤᠨ ᠬᠤᠪᠴᠠᠰᠤ ᠬᠤᠨᠠᠷ ᠮᠠᠯᠠᠭᠠᠢ ᠱᠠᠬᠠᠢ᠂ ᠭᠡᠷ ᠤᠨ ᠵᠠᠰᠠᠯ ᠴᠢᠮᠡᠭᠯᠡᠯ᠂ ᠭᠡᠷ ᠤᠨ ᠡᠳ᠋ᠯᠡᠯ ᠬᠡᠷᠡᠭᠰᠡᠯ ᠵᠡᠷᠭᠡ ᠬᠡᠷᠡᠭᠯᠡᠭᠡᠨ ᠤ ᠴᠢᠨᠠᠷᠲᠠᠢ ᠪᠤᠳᠠᠰ ᠢ ᠨᠸᠲ ᠢᠶᠡᠷ ᠪᠤᠷᠤᠯᠠᠭᠤᠯᠤᠭᠰᠠᠨ ᠦᠷᠲᠡᠭ 4415 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 34.1% ᠪᠡᠷ ᠨᠡᠮᠡᠭᠳᠡᠪᠠ᠃ ᠵᠢᠭᠤᠯᠴᠢᠯᠠᠬᠤ᠂ ᠬᠤᠭᠤᠯᠠ ᠤᠮᠲᠠ᠂ ᠠᠮᠢᠳᠤᠷᠠᠯ ᠤᠨ ᠦᠢᠯᠡᠴᠢᠯᠡᠭᠡ ᠵᠡᠷᠭᠡ ᠦᠢᠯᠡᠴᠢᠯᠡᠭᠡᠨ ᠤ ᠴᠢᠨᠠᠷᠲᠠᠢ ᠵᠦᠢᠯᠡᠰ ᠢ ᠨᠸᠲ ᠢᠶᠡᠷ ᠪᠤᠷᠤᠯᠠᠭᠤᠯᠤᠭᠰᠠᠨ ᠦᠷᠲᠡᠭ 2875 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 44.7% ᠪᠡᠷ ᠨᠡᠮᠡᠭᠳᠡᠵᠠᠢ᠃ ᠪᠦᠰᠡ ᠨᠤᠲᠤᠭ ᠤᠨ ᠪᠠᠶᠢᠳᠠᠯ ᠡᠴᠡ ᠠᠪᠴᠤ ᠦᠵᠡᠪᠡᠯ᠂ ᠳᠤᠮᠳᠠ ᠪᠠᠷᠠᠭᠤᠨ ᠪᠦᠰᠡ ᠨᠤᠲᠤᠭ ᠤᠨ ᠨᠸᠲ ᠢᠶᠡᠷ ᠪᠤᠷᠤᠯᠠᠭᠤᠯᠤᠭᠰᠠᠨ ᠦᠷᠲᠡᠭ 2498 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 51.9% ᠪᠡᠷ ᠨᠡᠮᠡᠭᠳᠡᠨ ᠵᠡᠭᠦᠨ ᠪᠦᠰᠡ ᠨᠤᠲᠤᠭ ᠤᠨ ᠨᠡᠮᠡᠭᠳᠡᠯ ᠤᠨ ᠬᠤᠷᠳᠤᠨ ᠡᠴᠡ ᠵᠠᠭᠤᠨ ᠤ ᠬᠠᠷᠢᠴᠠᠯ ᠢᠶᠡᠷ 21 ᠪᠡᠷ ᠬᠤᠷᠳᠤᠨ ᠪᠠᠶᠢᠪᠠ᠃

ᠢᠷᠡᠯᠳᠡ᠄ ᠠᠷᠠᠳ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121707366