蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 1-8 ᠰᠠᠷ᠎ᠠ ᠳᠤ ᠭᠠᠳᠠᠭᠠᠲᠤ ᠠᠷᠠᠯᠵᠢᠶᠠᠨ ᠤ ᠢᠮᠫᠤᠷᠲ᠋ᠯᠠᠵᠤ ᠡᠺᠰᠫᠤᠷᠲ᠋ᠯᠠᠭᠰᠠᠨ ᠦᠷᠲᠡᠭ 646.3 ᠳ᠋ᠦᠩᠰᠢᠭᠤᠷ ᠲᠦᠬᠦᠷᠢᠭ᠌ ᠲᠤ ᠬᠦᠷᠴᠠᠢ

2017-09-29 14:51

    ᠰᠤᠷᠪᠤᠯᠵᠢᠯᠠᠭᠴᠢ ᠬᠦᠬᠡᠬᠤᠲᠠ ᠶᠢᠨ ᠪᠤᠭᠤᠮᠲᠠ ᠡᠴᠡ ᠤᠶᠢᠯᠠᠭᠠᠭᠰᠠᠨ ᠢᠶᠡᠷ᠂ ᠦᠨᠦ ᠵᠢᠯ ᠤᠨ 1-8 ᠰᠠᠷ᠎ᠠ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠭᠠᠳᠠᠭᠠᠲᠤ ᠠᠷᠠᠯᠵᠢᠶᠠᠨ ᠤ ᠢᠮᠫᠤᠷᠲ᠋ᠯᠠᠵᠤ ᠡᠺᠰᠫᠤᠷᠲ᠋ᠯᠠᠭᠰᠠᠨ ᠦᠷᠲᠡᠭ 646.3 ᠳ᠋ᠦᠩᠰᠢᠭᠤᠷ ᠲᠦᠬᠦᠷᠢᠭ᠌ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 33.3% ᠪᠡᠷ ᠨᠡᠮᠡᠭᠳᠡᠪᠡ᠃ ᠡᠭᠦᠨ ᠳᠤ᠂ 229.6 ᠳ᠋ᠦᠩᠰᠢᠭᠤᠷ ᠲᠦᠬᠦᠷᠢᠭ᠌ ᠡᠺᠰᠫᠤᠷᠲ᠋ᠯᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 27% ᠪᠡᠷ ᠨᠡᠮᠡᠭᠳᠡᠨ᠂ 416.7 ᠳ᠋ᠦᠩᠰᠢᠭᠤᠷ ᠲᠦᠬᠦᠷᠢᠭ᠌ ᠢᠮᠫᠤᠷᠲ᠋ᠯᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 36.8% ᠪᠡᠷ ᠨᠡᠮᠡᠭᠳᠡᠵᠠᠢ᠃

    ᠲᠠᠨᠢᠯᠴᠠᠭᠤᠯᠤᠭᠰᠠᠨ ᠢᠶᠡᠷ᠂ ᠦᠨᠦ ᠵᠢᠯ ᠤᠨ 1-8 ᠰᠠᠷ᠎ᠠ ᠳᠤ᠂ ᠦᠪᠦᠷ ᠮᠣᠩᠭᠣᠯ ᠤᠨ ᠭᠠᠳᠠᠭᠠᠲᠤ ᠠᠷᠠᠯᠵᠢᠶ᠎ᠠ ᠭᠤᠤᠯᠳᠠᠭᠤ ᠲᠠᠪᠤᠨ ᠤᠨᠴᠠᠯᠢᠭ ᠲᠠᠢ᠃ ᠨᠢᠭᠡ ᠳᠤ᠂ ᠡᠩ ᠤᠨ ᠠᠷᠠᠯᠵᠢᠶᠠᠨ ᠤ ᠠᠷᠭ᠎ᠠ ᠪᠠᠷᠢᠯ ᠢᠶᠡᠷ ᠢᠮᠫᠤᠷᠲ᠋ᠯᠠᠵᠤ ᠡᠺᠰᠫᠤᠷᠲ᠋ᠯᠠᠭᠰᠠᠨ ᠬᠡᠮᠵᠢᠶ᠎᠎ᠠ ᠬᠠᠭᠠᠰ ᠢᠯᠡᠬᠦᠦ ᠶᠢ ᠡᠵᠡᠯᠡᠵᠠᠢ᠃ ᠬᠤᠶᠠᠷ ᠲᠤ᠂ ᠬᠤᠪᠢ ᠶᠢᠨ ᠠᠵᠤ ᠠᠬᠤᠶᠢᠯᠠᠯ ᠢᠮᠫᠤᠷᠲ᠋ᠯᠠᠵᠤ ᠡᠺᠰᠫᠤᠷᠲ᠋ᠯᠠᠬᠤ ᠪᠡᠷ ᠭᠤᠤᠯᠯᠠᠵᠤ᠂ ᠢᠮᠫᠤᠷᠲ᠋ᠯᠠᠵᠤ ᠡᠺᠰᠫᠤᠷᠲ᠋ᠯᠠᠭᠰᠠᠨ ᠬᠡᠮᠵᠢᠶ᠎ᠠ ᠶᠡᠬᠡ ᠪᠡᠷ ᠨᠡᠮᠡᠭᠳᠡᠵᠠᠢ᠃ ᠦᠨᠦ ᠵᠢᠯ ᠤᠨ 1-8 ᠰᠠᠷ᠎ᠠ ᠳᠤ᠂ ᠦᠪᠦᠷ ᠮᠣᠩᠭᠣᠯ ᠤᠨ ᠬᠤᠪᠢ ᠶᠢᠨ ᠠᠵᠤ ᠠᠬᠤᠶᠢᠯᠠᠯ ᠤᠨ ᠢᠮᠫᠤᠷᠲ᠋ᠯᠠᠵᠤ ᠡᠺᠰᠫᠤᠷᠲ᠋ᠯᠠᠭᠰᠠᠨ ᠦᠷᠲᠡᠭ 493.9 ᠳ᠋ᠦᠩᠰᠢᠭᠤᠷ ᠲᠦᠬᠦᠷᠢᠭ᠌ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 46.4%  ᠪᠡᠷ ᠨᠡᠮᠡᠭᠳᠡᠪᠠ᠃ ᠭᠤᠷᠪᠠ ᠳᠤ᠂ ᠮᠣᠩᠭᠣᠯ ᠤᠯᠤᠰ ᠪᠤᠯᠤᠨ ᠤᠷᠤᠰ ᠬᠠᠮᠤᠬ ᠤᠨ ᠶᠠᠬᠡ ᠠᠷᠠᠯᠵᠢᠶᠠᠨ ᠤ ᠬᠠᠮᠰᠠᠭᠠᠳᠠᠨ ᠪᠤᠯᠵᠦ᠂ ᠠᠦ᠋ᠰᠲ᠋ᠷᠠᠯᠢᠶ᠎ᠠ ᠬᠢᠭᠡᠳ ᠠᠩᠭ᠍ᠯᠢ ᠤᠯᠤᠰ ᠲᠤ ᠢᠮᠫᠤᠷᠲ᠋ᠯᠠᠵᠤ ᠡᠺᠰᠫᠤᠷᠲ᠋ᠯᠠᠭᠰᠠᠨ ᠬᠡᠮᠵᠢᠶ᠎ᠠ ᠲᠠᠬᠢᠨ ᠢᠶᠡᠷ ᠨᠡᠮᠡᠭᠳᠡᠭᠰᠡᠨ ᠪᠠᠶᠢᠨ᠎ᠠ᠃ ᠲᠦᠷᠪᠡ ᠳᠤ᠂ ᠮᠠᠰᠢᠨ ᠴᠠᠬᠢᠯᠭᠠᠨ ᠤ ᠪᠦᠲᠦᠭᠡᠭ᠍ᠲᠡᠬᠦᠨ᠂ ᠲᠠᠷᠢᠶᠠᠯᠠᠩ ᠤᠨ ᠪᠦᠲᠦᠭᠡᠭ᠍ᠲᠡᠬᠦᠨ ᠪᠤᠯᠤᠨ ᠨᠡᠬᠡᠮᠡᠯ ᠬᠤᠪᠴᠠᠰᠤ ᠬᠤᠨᠠᠷ ᠨᠢ ᠭᠤᠤᠯ ᠡᠺᠰᠫᠤᠷᠲ᠋ᠯᠠᠬᠤ ᠵᠦᠢᠯ ᠪᠤᠯᠪᠠ᠃ ᠦᠨᠦ ᠵᠢᠯ ᠤᠨ 1-8 ᠰᠠᠷ᠎ᠠ ᠳᠤ᠂ ᠦᠪᠦᠷ ᠮᠣᠩᠭᠣᠯ 43.5 ᠳ᠋ᠦᠩᠰᠢᠭᠤᠷ ᠲᠦᠬᠦᠷᠢᠭ᠌ ᠤᠨ ᠦᠷᠲᠡᠭ ᠲᠠᠢ ᠮᠠᠰᠢᠨ ᠴᠠᠬᠢᠯᠭᠠᠨ ᠤ ᠪᠦᠲᠦᠭᠡᠭ᠍ᠲᠡᠬᠦᠨ ᠡᠺᠰᠫᠤᠷᠲ᠋ᠯᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 1.5 ᠳᠠᠬᠢᠨ ᠪᠤᠯᠵᠠᠢ᠃ ᠲᠠᠷᠢᠶᠠᠯᠠᠩ ᠤᠨ ᠪᠦᠲᠦᠭᠡᠭ᠍ᠲᠡᠬᠦᠨ ᠡᠺᠰᠫᠤᠷᠲ᠋ᠯᠠᠭᠰᠠᠨ ᠦᠷᠲᠡᠭ 35 ᠳ᠋ᠦᠩᠰᠢᠭᠤᠷ ᠲᠦᠬᠦᠷᠢᠭ᠌ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 7.2%  ᠢᠶᠡᠷ ᠨᠡᠮᠡᠭᠳᠡᠪᠠ᠃ ᠲᠠᠪᠤ ᠳᠤ᠂ ᠭᠤᠤᠯᠳᠠᠭᠤ ᠡᠬᠢ ᠪᠠᠶᠠᠯᠢᠭ ᠤᠨ ᠴᠢᠨᠠᠷᠲᠠᠢ ᠪᠦᠲᠦᠭᠡᠭ᠍ᠲᠡᠬᠦᠨ ᠢ ᠢᠮᠫᠤᠷᠲ᠋ᠯᠠᠳᠠᠭ ᠶᠤᠮ ᠪᠠᠶᠢᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121745553