蒙古文网站Logo
ᠰᠢᠨᠬᠤᠸᠠ ᠮᠤᠩᠭ᠋ᠤᠯ ᠨᠧᠲ

ᠲᠥᠪ ᠤᠨ ᠪᠠ ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠰᠠᠩᠬᠦᠦ ᠡᠳ᠋ ᠤᠨ ᠵᠠᠰᠠᠭ ᠡᠴᠡ 84 PPP ᠲᠦᠰᠦᠯ ᠤᠨ ᠪᠦᠳᠦᠭᠡᠨ ᠪᠠᠶᠢᠭᠤᠯᠤᠯᠲᠠ ᠶᠢ ᠬᠦᠴᠦᠲᠡᠶ ᠳᠡᠮᠵᠢᠵᠦ ᠪᠣᠢ

2017-09-30 11:29

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠠᠩᠬᠦᠦ ᠡᠳ᠋ ᠤᠨ ᠵᠠᠰᠠᠭ ᠤᠨ ᠲᠢᠩᠬᠢᠮ ᠡᠴᠡ ᠤᠶᠢᠯᠠᠭᠠᠭᠰᠠᠨ ᠢᠶᠡᠷ᠂ PPP (ᠵᠠᠰᠠᠭ ᠤᠨ ᠣᠷᠳᠣᠨ ᠪᠠ ᠨᠡᠶᠢᠭᠡᠮ ᠤᠨ ᠭᠦᠷᠦᠩᠭᠡ ᠶᠢᠨ ᠬᠠᠮᠲᠤᠷᠠᠯᠴᠠᠭ᠎ᠠ ) ᠲᠦᠰᠦᠯ ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠬᠤ ᠡᠷᠴᠢᠮ ᠢᠶᠠᠨ ᠤᠯᠠᠮ ᠴᠢᠩᠭ᠋ᠠᠳᠬᠠᠬᠤ ᠶᠢᠨ ᠲᠤᠰᠠᠳᠠ᠂ ᠲᠥᠪ ᠤᠨ ᠰᠠᠩᠬᠦᠦ ᠡᠳ᠋ ᠤᠨ ᠵᠠᠰᠠᠭ ᠠᠴᠠ PPP ᠲᠦᠰᠦᠯ ᠳᠤ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ 6600 ᠲᠦᠮᠡᠨ ᠲᠥᠭᠦᠷᠢᠭ᠌ ᠲᠣᠬᠢᠷᠠᠭᠤᠯᠵᠤ᠂ ᠲᠥᠪ ᠤᠨ ᠲᠥᠰᠦᠪ ᠤᠨ ᠳᠤᠲᠤᠷ᠎ᠠ PPP ᠲᠦᠰᠦᠯ ᠤᠨ ᠡᠮᠦᠨᠡᠬᠢ ᠬᠤᠭᠤᠴᠠᠭᠠᠨ ᠤ ᠵᠠᠷᠤᠳᠠᠯ ᠳᠤ 5157 ᠲᠦᠮᠡᠨ ᠲᠥᠭᠦᠷᠢᠭ᠌ ᠤᠨ ᠬᠦᠷᠦᠩᠭᠡ ᠤᠷᠤᠭᠤᠯᠤᠯᠲᠠ ᠬᠢᠵᠤ᠂ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠩᠭᠦᠦ ᠡᠳ᠋ ᠤᠨ ᠵᠠᠰᠠᠭ ᠠᠴᠠ ᠲᠤᠰ ᠱᠠᠲᠤᠨ ᠤ ᠰᠠᠩᠬᠦᠦ ᠡᠳ᠋ ᠤᠨ ᠵᠠᠰᠠᠭ ᠤᠨ ᠴᠢᠨᠠᠷᠲᠠᠶ ᠱᠠᠩᠨᠠᠯ ᠤᠨ ᠪᠡᠯᠡ ᠮᠥᠩᠭᠦ ᠶᠢ 2000 ᠲᠦᠮᠡᠨ ᠲᠥᠭᠦᠷᠢᠭ᠌ ᠲᠣᠬᠢᠷᠠᠭᠤᠯᠵᠤ᠂ ᠦᠪᠦᠷ ᠮᠣᠩᠭᠣᠯ ᠤᠨ 84 PPP ᠲᠦᠰᠦᠯ ᠤᠨ ᠪᠥᠳᠥᠭᠡᠨ ᠪᠠᠶᠢᠭᠤᠯᠤᠯᠲᠠ ᠶᠢ ᠳᠡᠮᠵᠢᠵᠦ᠂ ᠤᠷᠢᠳᠴᠢᠯᠠᠨ ᠲᠤᠭᠠᠴᠠᠭᠠᠯᠠᠭᠰᠠᠨ ᠢᠶᠡᠷ ᠡᠳᠡᠭᠡᠷ ᠲᠦᠰᠦᠯ ᠳᠤ 1042 ᠳ᠋ᠦᠩᠰᠢᠭᠤᠷ ᠲᠥᠭᠦᠷᠢᠭ᠌ ᠤᠨ ᠶᠡᠷᠦᠩᠬᠡᠶ ᠬᠦᠷᠦᠩᠭᠡ ᠣᠷᠣᠭᠤᠯᠤᠯᠲᠠ ᠶᠢ ᠪᠡᠶᠡᠯᠡᠭᠦᠯᠬᠦ ᠪᠣᠯᠤᠨ᠎ᠠ᠃

    ᠡᠭᠦᠨ ᠳᠤ᠄ ᠤᠯᠠᠭᠠᠨᠬᠠᠳᠠ ᠬᠤᠲᠠ ᠪᠣᠯᠤᠨ ᠦᠬᠠᠶ ᠬᠤᠳᠠ ᠶᠢᠨ ᠬᠠᠶᠢᠷᠦᠪ ᠤᠨ ᠲᠤᠬᠤᠢ ᠲᠣᠭᠤᠷᠢᠭ ᠨᠢ ᠲᠥᠪ ᠪᠣᠯᠤᠨ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠲᠤᠰ ᠲᠤᠰ 5742 ᠲᠦᠮᠡᠨ ᠲᠥᠭᠦᠷᠢᠭ᠌ ᠪᠠ 760 ᠲᠦᠮᠡᠨ ᠲᠦᠬᠦᠷᠢᠭ᠌ ᠬᠦᠷᠲᠡᠵᠦ᠂ ᠲᠤᠭ᠎ᠠ ᠬᠡᠮᠵᠢᠶ᠎ᠡ ᠪᠠᠷ ᠤᠷᠤᠨ ᠳᠠᠶᠠᠭᠠᠷ ᠲᠤ ᠣᠷᠣᠶᠢᠯᠠᠵᠤ᠂ ᠬᠤᠶᠠᠷ ᠭᠠᠵᠠᠷ ᠤᠨ PPP ᠲᠦᠰᠦᠯ ᠤᠨ ᠠᠵᠢᠯ ᠢ ᠵᠢᠷᠤᠮᠵᠢᠭᠤᠯᠤᠨ ᠲᠦᠯᠬᠢᠨ ᠠᠬᠢᠭᠤᠯᠬᠤ ᠳᠤᠨᠢ ᠲᠥᠷᠥ ᠶᠢᠨ ᠪᠣᠳᠣᠯᠭ᠎ᠠ ᠶᠢᠨ ᠪᠡᠯᠡ ᠮᠥᠩᠭᠦᠨ ᠤ ᠬᠦᠴᠦᠲᠡᠶ ᠳᠡᠮᠵᠢᠯᠭᠡ ᠣᠯᠭᠤᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠲᠡᠷᠠᠭ᠎ᠠ ᠠᠯᠬᠤᠮ ᠳᠤ᠂ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠩᠬᠦᠦ ᠡᠳ᠋ ᠤᠨ ᠵᠠᠰᠠᠭ ᠠᠴᠠ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ ᠲᠦᠰᠦᠯ ᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠲᠦᠷᠦ ᠶᠢᠨ ᠪᠤᠳᠤᠯᠭ᠎ᠠ ᠶᠢᠨ ᠳᠡᠮᠵᠢᠯᠭᠡ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠦᠢᠯᠡᠴᠢᠯᠡᠭᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠪ ᠤᠨ ᠰᠠᠩᠬᠦᠦ ᠡᠳ᠋ ᠤᠨ ᠵᠠᠰᠠᠭ ᠤᠨ ᠳᠡᠮᠵᠢᠯᠭᠡ ᠶᠢ ᠤᠯᠠᠮ ᠢᠯᠡᠭᠦᠦ ᠤᠯᠵᠤ᠂ ᠦᠪᠦᠷ ᠮᠣᠩᠭᠣᠯ ᠤᠨ ᠨᠡᠩ ᠤᠯᠠᠨ PPP ᠲᠦᠰᠦᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠪᠠᠷ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121751580