蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄《 13·5》ᠬᠦᠭ᠍ᠵᠢᠯᠲᠠ ᠶᠢᠨ ᠲᠦᠰᠦᠯ ᠤᠨ ᠬᠤᠭᠤᠴᠠᠭᠠᠨ ᠳᠤ ᠲᠦᠭᠦᠬᠡᠢ ᠨᠡᠭᠦᠷᠡᠰᠦᠨ ᠤ ᠭᠠᠷᠤᠯᠲᠠ ᠶᠢ 11.5 ᠳ᠋ᠦᠩᠰᠢᠭᠤᠷ ᠲᠤᠨ ᠤᠷᠴᠢᠮ ᠳᠤ ᠬᠢᠵᠠᠭᠠᠷᠯᠠᠨ᠎ᠠ

2017-10-02 12:10

    ᠲᠦᠷᠦᠭᠦᠬᠡᠨ᠂ ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠡᠴᠡ ᠤᠶᠢᠯᠠᠭᠠᠭᠰᠠᠨ ᠢᠶᠡᠷ᠂ 《 13·5》ᠬᠦᠭ᠍ᠵᠢᠯᠲᠠ ᠶᠢᠨ ᠲᠦᠰᠦᠯ ᠤᠨ ᠬᠤᠭᠤᠴᠠᠭᠠᠨ ᠳᠤ ᠦᠪᠦᠷ ᠮᠣᠩᠭᠣᠯ ᠤᠨ ᠲᠦᠭᠦᠬᠡᠢ ᠨᠡᠭᠦᠷᠡᠰᠦᠨ ᠤ ᠭᠠᠷᠤᠯᠲᠠ ᠶᠢ 11.5 ᠳ᠋ᠦᠩᠰᠢᠭᠤᠷ ᠲᠤᠨ ᠤᠷᠴᠢᠮ ᠬᠢᠵᠠᠭᠠᠷᠯᠠᠵᠤ᠂ ᠨᠡᠭᠦᠷᠡᠰᠦᠨ ᠤ ᠬᠡᠷᠡᠭᠯᠡᠭᠡᠨ ᠤ ᠬᠤᠪᠢ ᠶᠢᠨ ᠵᠢᠩ ᠪᠠᠭᠤᠷᠠᠭᠠᠳ 79% ᠤᠷᠴᠢᠮ ᠪᠤᠯᠤᠨ᠎ᠠ᠃

    《 13·5》ᠬᠦᠭ᠍ᠵᠢᠯᠲᠠ ᠶᠢᠨ ᠲᠦᠰᠦᠯ ᠤᠨ ᠬᠤᠭᠤᠴᠠᠭᠠᠨ ᠳᠤ᠂ ᠦᠪᠦᠷ ᠮᠣᠩᠭᠣᠯ ᠤᠨ ᠡᠷᠴᠢᠮ ᠬᠦᠴᠦᠨ ᠤ ᠬᠦᠭ᠍ᠵᠢᠯᠲᠠ ᠶᠢᠨ ᠭᠤᠤᠯ ᠬᠠᠷᠠᠯᠲᠠ ᠪᠤᠯ᠂ ᠡᠷᠴᠢᠮ ᠬᠦᠴᠦᠨ ᠤ ᠬᠠᠩᠭ᠋ᠠᠯᠭ᠎ᠠ ᠲᠤᠭᠲᠠᠭᠤᠨ ᠦᠰᠦᠯᠲᠠ ᠶᠢ ᠪᠠᠲᠤᠯᠠᠵᠤ᠂ ᠤᠷᠤᠨ ᠳᠠᠶᠠᠭᠠᠷ ᠤᠨ ᠨᠢᠭᠡ ᠤᠳᠠᠭᠠᠨ ᠤ ᠡᠷᠴᠢᠮ ᠬᠦᠴᠦ ᠦᠢᠯᠡᠳᠪᠦᠷᠢᠯᠡᠬᠦ ᠶᠠᠷᠦᠩᠬᠡᠢ ᠭᠠᠷᠤᠯᠲᠠ 7 ᠳ᠋ᠦᠩᠰᠢᠭᠤᠷ ᠲᠤᠨ ᠪᠠᠷᠢᠮᠵᠢᠶᠠᠲᠤ ᠨᠡᠭᠦᠷᠡᠰᠦ ᠳᠤ ᠬᠦᠷᠭᠡᠨ᠎ᠠ᠃ ᠡᠭᠦᠨ ᠤ ᠬᠠᠮᠲᠤ᠂ ᠦᠪᠦᠷ ᠮᠣᠩᠭᠣᠯ ᠡᠷᠴᠢᠮ ᠬᠦᠴᠦᠨ ᠤ ᠬᠡᠷᠡᠭᠯᠡᠭᠡᠨ ᠤ ᠶᠡᠷᠦᠩᠬᠡᠢ ᠬᠡᠮᠵᠢᠶ᠎ᠠ ᠶᠢ ᠵᠤᠬᠢᠰᠲᠠᠢ ᠲᠤᠬᠢᠷᠠᠭᠤᠯᠵᠤ᠂ ᠤᠷᠤᠨ ᠳᠠᠶᠠᠭᠠᠷ ᠤᠨ ᠡᠷᠴᠢᠮ ᠬᠦᠴᠦᠨ ᠤ ᠬᠡᠷᠡᠭᠯᠡᠭᠡᠨ ᠤ ᠶᠡᠷᠦᠩᠬᠡᠢ ᠬᠡᠮᠵᠢᠶ᠎ᠠ ᠶᠢ 2.25 ᠳ᠋ᠦᠩᠰᠢᠭᠤᠷ ᠲᠤᠨ ᠪᠠᠷᠢᠮᠵᠢᠶᠠᠲᠤ ᠨᠡᠭᠦᠷᠡᠰᠤ ᠤᠷᠴᠢᠮ ᠬᠢᠵᠠᠭᠠᠷᠯᠠᠨ᠎ᠠ᠃ ᠬᠢᠮᠢ ᠶᠢᠨ ᠭᠠᠵᠠᠷ ᠤᠨ ᠲᠤᠰᠤᠨ ᠤ ᠪᠤᠰᠤ ᠡᠷᠴᠢᠮ ᠬᠦᠴᠦᠨ ᠤ ᠲᠤᠨᠤᠭᠯᠠᠬᠤ ᠪᠤᠯᠤᠨ ᠬᠡᠷᠡᠭᠯᠡᠭᠡᠨ ᠤ ᠬᠤᠪᠢ ᠶᠢᠨ ᠵᠢᠩ ᠤᠯᠠᠮ ᠨᠢᠭᠡ ᠠᠯᠬᠤᠮ ᠳᠡᠭᠡᠭ᠍ᠰᠢᠯᠡᠭᠦᠯᠵᠤ᠂ ᠬᠢᠮᠢ ᠶᠢᠨ ᠭᠠᠵᠠᠷ ᠤᠨ ᠲᠤᠰᠤᠨ ᠤ ᠪᠤᠰᠤ ᠡᠷᠴᠢᠮ ᠬᠦᠴᠦᠨ ᠤ ᠲᠤᠨᠤᠭᠯᠠᠬᠤ ᠬᠤᠪᠢ ᠶᠢᠨ ᠵᠢᠩ ᠢ 38% ᠤᠷᠴᠢᠮ ᠪᠤᠯᠭᠠᠵᠤ᠂ ᠨᠡᠭᠦᠷᠡᠰᠦᠨ ᠤ ᠬᠡᠷᠡᠭᠯᠡᠭᠡᠨ ᠤ ᠬᠤᠪᠢ ᠶᠢᠨ ᠵᠢᠩ 79% ᠤᠷᠴᠢᠮ ᠬᠦᠷᠭᠡᠨ᠎ᠠ᠃ ᠨᠡᠭᠦᠷᠡᠰᠦᠨ ᠤ ᠲᠡᠭᠦᠰᠭᠡᠯ ᠤᠨ ᠬᠡᠷᠡᠭᠯᠡᠭᠡᠨ ᠤ ᠬᠤᠪᠢ ᠶᠢᠨ ᠵᠢᠩ ᠪᠠᠷᠤᠭ 16%  ᠪᠡᠷ ᠪᠠᠭᠤᠷᠠᠭᠤᠯᠤᠨ᠂ ᠴᠠᠬᠢᠯᠭᠠᠨ ᠭᠠᠷᠭᠠᠬᠤ ᠨᠡᠭᠦᠷᠡᠰᠦᠨ ᠤ ᠬᠡᠷᠭᠯᠡᠭᠡᠨ ᠤ ᠬᠤᠪᠢ ᠶᠢᠨ ᠵᠢᠩ ᠡᠴᠡ 55% ᠤᠷᠴᠢᠮ ᠦᠰᠭᠡᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121757906