蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠲᠦᠷᠦᠭᠦᠦ 7 ᠰᠠᠷ᠎ᠠ ᠳᠤ《ᠪᠷᠢᠺᠰ》ᠤᠯᠤᠰ ᠲᠤ ᠡᠺᠰᠫᠤᠷᠲ᠋ᠯᠠᠵᠤ ᠢᠮᠫᠤᠷᠲ᠋ᠯᠠᠭᠰᠠᠨ ᠠᠷᠠᠯᠵᠢᠶᠠᠨ ᠤ ᠦᠷᠲᠡᠭ 150 ᠳ᠋ᠦᠩᠰᠢᠭᠤᠷ ᠲᠦᠬᠦᠷᠢᠭ᠌ ᠲᠤ ᠬᠦᠷᠴᠠᠢ

2017-10-09 16:59

    ᠬᠦᠬᠡᠬᠤᠲᠠ ᠪᠤᠭᠤᠮᠲᠠ ᠶᠢᠨ 4 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠲᠦᠷᠦᠭᠦᠦ 7ᠰᠠᠷ᠎ᠠ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ《ᠪᠷᠢᠺᠰ》ᠤᠯᠤᠰ(ᠤᠷᠤᠰ᠂ ᠡᠨᠡᠳᠬᠡᠭ᠌᠂ᠪᠷᠠᠽᠢᠯ ᠪᠤᠯᠤᠨ ᠡᠮᠦᠨᠡᠲᠤ ᠠᠹᠷᠢᠺᠡ) ᠤᠳ ᠲᠤ ᠠᠷᠠᠯᠵᠢᠶᠠᠯᠠᠭᠰᠠᠨ ᠦᠷᠲᠡᠭ 150.4 ᠳ᠋ᠦᠩᠰᠢᠭᠤᠷ ᠲᠦᠬᠦᠷᠢᠭ᠌ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 28.3% ᠪᠡᠷ ᠦᠰᠴᠤ ᠠᠳᠠᠯᠢ ᠬᠤᠭᠤᠴᠠᠭᠠᠨ ᠳ᠋ᠡᠬᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠭᠠᠳᠠᠭᠠᠲᠤ ᠠᠷᠠᠯᠵᠢᠶᠠᠨ ᠤ ᠶᠡᠷᠦᠩᠬᠡᠢ ᠦᠷᠲᠡᠭ ᠤᠨ 26.3% ᠶ᠋ᠢ ᠡᠵᠡᠯᠡᠪᠡ᠃

    ᠮᠡᠳᠡᠭᠡᠨ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ 《ᠪᠷᠢᠺᠰ》ᠤᠯᠤᠰ ᠤᠳ ᠲᠡᠬᠢ ᠭᠠᠳᠠᠭᠠᠲᠤ ᠠᠷᠠᠯᠵᠢᠶᠠᠨ ᠳᠤ ᠤᠷᠤᠰ ᠵᠤᠩᠬᠢᠯᠠᠬᠤ ᠪᠠᠶᠢᠷᠢ ᠶᠢ ᠡᠵᠡᠯᠡᠵᠤ᠂ ᠲᠦᠷᠦᠬᠦᠦ 7 ᠰᠠᠷ᠎ᠠ ᠶᠢᠨ ᠠᠷᠠᠯᠵᠢᠶᠠᠨ ᠤ ᠦᠷᠲᠡᠭ 130.3ᠳ᠋ᠦᠩᠰᠢᠭᠤᠷ ᠲᠦᠬᠦᠷᠢᠭ᠌ ᠲᠤ ᠬᠦᠷᠴᠤ᠂ 23.6% ᠪᠡᠷ ᠨᠡᠮᠡᠭᠳᠡᠪᠠ᠃

    ᠰᠤᠷᠪᠤᠯᠵᠢᠯᠠᠭᠴᠢ ᠤᠶᠢᠯᠠᠭᠠᠭᠰᠠᠨ ᠢᠶᠡᠷ᠂ ᠤᠷᠤᠰ ᠡᠴᠡ ᠭᠠᠳᠠᠨ᠎ᠠ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ 《ᠪᠷᠢᠺᠰ》ᠤᠯᠤᠰ ᠪᠤᠯᠬᠤ ᠡᠨᠡᠳᠬᠡᠭ᠌ ᠲᠡᠬᠢ ᠲᠦᠷᠦᠭᠦᠦ 7 ᠰᠠᠷ᠎ᠠ ᠶᠢᠨ ᠠᠷᠠᠯᠵᠢᠶᠠᠨ ᠤ ᠦᠷᠲᠡᠭ 10.5 ᠳ᠋ᠦᠩᠰᠢᠭᠤᠷ ᠲᠦᠬᠦᠷᠢᠭ᠌ ᠲᠤ ᠬᠦᠷᠴᠤ᠂ 52.2% ᠢᠶᠡᠷ ᠨᠡᠮᠡᠭᠳᠡᠵᠠᠢ᠃ ᠪᠷᠠᠽᠢᠯ ᠳ᠋ᠡᠬᠢ ᠲᠦᠷᠦᠭᠦᠦ 7 ᠰᠠᠷ᠎ᠠ ᠶᠢᠨ ᠠᠷᠠᠯᠵᠢᠶᠠᠨ ᠤ ᠦᠷᠲᠡᠭ 8.1 ᠳ᠋ᠦᠩᠰᠢᠭᠤᠷ ᠲᠦᠬᠦᠷᠢᠭ᠌ ᠲᠤ ᠬᠦᠷᠴᠤ᠂ 1.2ᠲᠠᠬᠢᠨ ᠢᠶᠡᠷ ᠨᠡᠮᠡᠭᠳᠡᠪᠡ᠃ ᠡᠮᠦᠨᠡᠲᠤ ᠠᠹᠷᠢᠺᠡ ᠲᠡᠬᠢ ᠲᠦᠷᠦᠭᠦᠦ 7 ᠰᠠᠷ᠎ᠠ ᠶᠢᠨ ᠠᠷᠠᠯᠵᠢᠶᠠᠨ ᠤ ᠦᠷᠲᠡᠭ 1.5 ᠳ᠋ᠦᠩᠰᠢᠭᠤᠷ ᠲᠦᠬᠦᠷᠢᠭ᠌ ᠲᠤ ᠬᠦᠷᠴᠤ᠂ 15.4% ᠪᠡᠷ ᠨᠡᠮᠡᠭᠳᠡᠭᠰᠡᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121775685