蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠲᠤᠭ᠎ᠠ ᠪᠦᠷᠳᠭᠡᠯ ᠤᠨ ᠲᠤᠪᠴᠢᠶ᠎ᠠ᠄ ᠦᠨᠦ ᠵᠢᠯ ᠡᠳ᠋ ᠤᠨ ᠵᠠᠰᠠᠬ ᠤᠨ 6.5% ᠤᠷᠴᠢᠮ ᠤᠨ ᠲᠦᠰᠦᠪᠯᠡᠭᠰᠡᠨ ᠬᠠᠷᠠᠯᠲᠠ ᠶᠢ ᠪᠡᠶᠡᠯᠡᠬᠦᠯᠬᠦ ᠳ᠋ᠦ ᠠᠰᠠᠭᠤᠳᠠᠯ ᠦᠭᠡᠢ

2017-10-10 16:46

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠴᠸᠨ ᠸᠸᠢ ᠸᠸᠢ) ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠲᠤᠪᠴᠢᠶᠠᠨ ᠳᠠᠷᠤᠭ᠎ᠠ ᠨᠢᠩ ᠵᠢᠢ ᠵᠸ 10 ᠤ ᠡᠳᠦᠷ ᠤᠨ ᠬᠡᠪᠯᠡᠯ ᠮᠡᠳᠡᠭᠡᠯᠡᠯ ᠤᠨ ᠬᠤᠷᠠᠯ ᠳᠡᠭᠡᠷ᠎ᠠ᠂ ᠦᠨᠦ ᠵᠢᠯ ᠳᠤᠮᠳᠠᠳᠤ ᠤᠯᠤᠰ ᠤᠨ ᠡᠳ᠋ ᠤᠨ ᠵᠠᠰᠠᠬ 6.5% ᠤᠷᠴᠢᠮ ᠤᠨ ᠲᠦᠰᠦᠪᠯᠡᠭᠰᠡᠨ ᠬᠠᠷᠠᠯᠲᠠ ᠶᠢ ᠪᠡᠶᠡᠯᠡᠬᠦᠯᠬᠦ ᠳ᠋ᠦ ᠠᠰᠠᠭᠤᠳᠠᠯ ᠦᠭᠡᠢ᠂ ᠨᠡᠩ ᠰᠠᠶᠢᠨ ᠦᠷ᠎ᠠ ᠳ᠋ᠦᠩ ᠲᠠᠢ ᠪᠤᠯᠬᠤ ᠴᠤ ᠮᠠᠭᠠᠳ᠂ ᠳᠤᠮᠳᠠᠳᠤ ᠤᠯᠤᠰ ᠤᠨ ᠡᠳ᠋ ᠤᠨ ᠵᠠᠰᠠᠭ ᠤᠨ ᠲᠤᠭᠲᠠᠭᠤᠨ ᠦᠰᠦᠯᠲᠠ ᠬᠤᠪᠢᠷᠠᠯᠳᠡ ᠦᠭᠡᠢ ᠭᠡᠯ᠎ᠠ᠃

    ᠲᠡᠷᠡ ᠪᠠᠰᠠ᠂ ᠡᠳ᠋ ᠤᠨ ᠵᠠᠰᠠᠬ ᠤᠨ ᠨᠡᠮᠡᠭᠳᠡᠯ ᠢ  ᠠᠩᠬᠠᠷᠬᠤ ᠶᠢᠨ ᠬᠠᠮᠲᠤ ᠪᠠᠰᠠ ᠠᠵᠢᠯ ᠤᠯᠭᠤᠯᠲᠠ᠂ ᠪᠠᠷᠠᠭᠠᠨ ᠤ ᠦᠨ᠎ᠠ᠂ ᠪᠠᠶᠢᠭᠠᠯᠢ ᠤᠷᠴᠢᠨ ᠢ ᠬᠠᠮᠠᠭᠠᠯᠠᠬᠤ ᠵᠡᠷᠭᠡ ᠲᠠᠯ᠎ᠠ ᠶᠢ ᠴᠦ ᠠᠩᠬᠠᠷᠬᠤ ᠬᠡᠷᠡᠭᠲᠠᠢ᠃ ᠰᠡᠭᠦᠯ ᠤᠨ ᠵᠢᠯ ᠤᠳ ᠲᠤ᠂ ᠮᠠᠨ ᠤ ᠤᠯᠤᠰ ᠤᠨ ᠠᠵᠢᠯ ᠤᠯᠭᠤᠯᠲᠠ ᠶᠢᠨ ᠠᠷᠭ᠎ᠠ ᠬᠡᠯᠪᠡᠷᠢ ᠶᠡᠬᠡ ᠰᠠᠶᠢᠨ᠂ ᠪᠠᠷᠠᠭᠠᠨ ᠤ ᠦᠨ᠎ᠠ ᠤᠷᠢᠳᠴᠢᠯᠠᠨ ᠲᠤᠭᠠᠴᠠᠭᠠᠯᠠᠭᠰᠠᠨ ᠬᠢᠷᠢ ᠲᠦᠪᠰᠢᠨ ᠡᠴᠡ ᠲᠤᠤᠷ᠎ᠠ ᠪᠠᠶᠢᠵᠤ᠂ ᠠᠮᠢ ᠠᠬᠤᠢ ᠶᠢᠨ ᠤᠷᠴᠢᠨ ᠰᠠᠶᠢᠵᠢᠷᠠᠵᠤ ᠪᠠᠶᠢᠨ᠎ᠠ᠃ ᠶᠡᠷᠦᠩᠬᠡᠶᠢᠯᠡᠭᠡᠳ ᠠᠪᠴᠤ ᠦᠵᠡᠪᠡᠯ᠂ ᠮᠠᠨ ᠤ ᠤᠯᠤᠰ ᠦᠨᠦ ᠵᠢᠯ ᠤᠨ ᠡᠳ᠋ ᠤᠨ ᠵᠠᠰᠠᠬ ᠨᠡᠶᠢᠭᠡᠮ ᠤᠨ ᠬᠦᠭ᠍ᠵᠢᠯᠲᠠ ᠶᠢᠨ ᠭᠤᠤᠯ ᠬᠠᠷᠠᠯᠲᠠ ᠶᠢ ᠪᠡᠶᠡᠯᠡᠭᠦᠯᠬᠦ ᠳᠤ ᠮᠠᠰᠢ ᠢᠳᠡᠭᠡᠯᠲᠡᠢ᠂ ᠨᠦᠬᠦᠴᠡᠯ ᠲᠠᠢ᠂ ᠬᠦᠴᠦᠨ ᠲᠠᠢ ᠪᠠᠶᠢᠨ᠎ᠠ ᠭᠡᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121781605