蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠷᠠᠳ ᠤᠨ ᠲᠤᠭᠳᠠᠮᠠᠯ ᠬᠦᠷᠦᠩᠬᠡ ᠵᠢᠨ ᠬᠦᠷᠦᠩᠭᠡ ᠤᠷᠤᠭᠤᠯᠤᠯᠲᠠ 13.7% ᠪᠡᠷ ᠨᠡᠮᠡᠭᠳᠡᠪᠡ

2017-10-12 16:31

    ᠦᠨᠦ ᠵᠢᠯ ᠤᠨ ᠲᠦᠷᠦᠬᠦᠦ 7 ᠰᠠᠷ᠎ᠠ ᠳᠤ ᠤᠷᠤᠨ ᠳᠠᠶᠠᠭᠠᠷ ᠤᠨ ᠠᠷᠠᠳ ᠤᠨ ᠲᠤᠭᠳᠠᠮᠠᠯ ᠬᠦᠷᠦᠩᠬᠡ ᠶᠢᠨ ᠬᠦᠷᠦᠩᠭᠡ ᠤᠷᠤᠭᠤᠯᠤᠯᠲᠠ ᠨᠢ 4136.86 ᠳ᠋ᠦᠩᠰᠢᠭᠤᠷ᠋ ᠲᠦᠬᠦᠷᠢᠭ᠌ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 13.7% ᠪᠡᠷ ᠨᠡᠮᠡᠭᠳᠡᠭᠰᠡᠨ ᠪᠠᠢᠢᠨ᠎ᠠ᠃ ᠲᠦᠷᠦᠬᠦᠦ 7ᠰᠠᠷ᠎ᠠ ᠳᠤ ᠤᠷᠤᠨ ᠳᠠᠶᠠᠭᠠᠷ ᠤᠨ ᠠᠷᠠᠳ ᠤᠨ ᠲᠤᠭᠳᠠᠮᠠᠯ ᠬᠦᠷᠦᠩᠬᠡ ᠵᠢᠨ ᠬᠦᠷᠦᠩᠭᠡ ᠤᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠲᠤᠬᠳᠠᠮᠠᠯ ᠬᠦᠷᠦᠩᠬᠡ ᠵᠢᠨ ᠬᠦᠷᠦᠩᠭᠡ ᠤᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠡᠴᠡ ᠵᠠᠭᠤᠨ ᠤ ᠬᠠᠷᠢᠴᠠᠯ ᠵᠢᠡᠷ᠋ 6.2 ᠬᠤᠪᠢ ᠦᠨᠳᠦᠷ᠋ ᠪᠤᠯᠵᠦ᠂ ᠪᠦᠬᠦ ᠬᠦᠷᠦᠩᠭᠡ ᠤᠷᠤᠭᠤᠯᠤᠯᠳᠠ ᠵᠢᠨ 46.7% ᠶᠢ ᠡᠵᠡᠯᠡᠵᠦ᠂ ᠪᠦᠬᠦ ᠬᠦᠷᠦᠩᠭᠡ ᠤᠷᠤᠭᠤᠯᠤᠯᠲᠠ ᠶᠢᠨ ᠨᠡᠮᠡᠭᠳᠡᠯ ᠳ᠋ᠡᠬᠢ ᠬᠤᠪᠢ ᠨᠡᠮᠡᠷᠢ ᠵᠢᠨ ᠨᠤᠷᠮ᠎ᠠ ᠨᠢ 75% ᠳᠤ ᠬᠦᠷᠴᠡᠢ᠃

    ᠲᠦᠷᠦᠬᠦᠦ 7 ᠰᠠᠷ᠎ᠠ ᠳᠤ ᠪᠠᠷᠠᠭᠤᠨ ᠭᠡᠰᠡᠭ᠍ ᠤᠨ 7 ᠠᠢᠢᠮᠠᠬ ᠬᠤᠳᠠ ᠵᠢᠨ ᠠᠷᠠᠳ ᠤᠨ ᠬᠦᠷᠦᠩᠭᠡ ᠤᠷᠤᠭᠤᠯᠤᠯᠳᠠ ᠨᠢ ᠤᠷᠤᠨ ᠳᠠᠶᠠᠭᠠᠷ ᠤᠨ ᠠᠷᠠᠳ ᠤᠨ ᠬᠦᠷᠦᠩᠭᠡ ᠤᠷᠤᠭᠤᠯᠤᠯᠳᠠ ᠵᠢᠨ ᠨᠡᠮᠡᠭᠳᠡᠯ ᠢ ᠲᠠᠢᠢᠴᠢᠯᠠᠬᠤ ᠭᠤᠤᠯ ᠬᠦᠴᠦᠨ ᠪᠤᠯᠵᠦ᠂ ᠠᠷᠠᠳ ᠤᠨ ᠬᠦᠷᠦᠩᠭᠡ ᠤᠷᠤᠭᠤᠯᠤᠯᠳᠠ ᠨᠢ 2931.42 ᠳ᠋ᠦᠩᠰᠢᠭᠤᠷ᠋ ᠲᠦᠬᠦᠷᠢᠭ᠌ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 21.3% ᠪᠡᠷ ᠨᠡᠮᠡᠭᠳᠡᠵᠦ᠂ ᠤᠷᠤᠨ ᠳᠠᠶᠠᠭᠠᠷ ᠤᠨ ᠠᠷᠠᠳ ᠤᠨ ᠬᠦᠷᠦᠩᠭᠡ ᠤᠷᠤᠭᠤᠯᠤᠯᠳᠠ ᠵᠢᠨ 70.9% ᠶᠢ ᠡᠵᠡᠯᠡᠵᠡᠢ᠃ ᠡᠬᠦᠨ ᠳ᠋ᠤ᠂ ᠬᠦᠬᠡᠬᠤᠳᠠ ᠪᠠ ᠤᠯᠠᠭᠠᠨᠴᠠᠪ ᠬᠤᠳᠠ ᠵᠢᠨ ᠠᠷᠠᠳ ᠤᠨ ᠬᠦᠷᠦᠩᠭᠡ ᠤᠷᠤᠭᠤᠯᠤᠯᠳᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠪᠠᠭᠤᠷᠠᠬᠰᠡᠨ ᠡᠴᠡ ᠭᠠᠳᠠᠨ᠎ᠠ᠂ ᠪᠤᠰᠤᠳ 5 ᠠᠢᠢᠮᠠᠬ ᠬᠤᠳᠠ ᠵᠢᠨ ᠠᠷᠠᠳ ᠤᠨ ᠬᠦᠷᠦᠩᠭᠡ ᠤᠷᠤᠭᠤᠯᠤᠯᠳᠠ ᠵᠢᠨ ᠨᠡᠮᠡᠭᠳᠡᠯ ᠤᠨ ᠬᠤᠷᠳᠤᠴᠠ ᠨᠢ ᠴᠦᠮ ᠤᠯᠤᠰ ᠳᠠᠶᠠᠭᠠᠷ ᠤᠨ ᠲᠤᠮᠳᠠᠴᠢ ᠲᠦᠪᠰᠢᠨ ᠡᠴᠡ ᠲᠠᠪᠠᠬᠰᠠᠨ ᠪᠠᠢᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121793783