蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠪᠠᠩᠭᠢ ᠶᠢᠨ ᠺᠠᠷᠲ ᠤᠨ ᠬᠤᠯᠪᠤᠭ᠎ᠠ ᠶᠢᠨ ᠨᠸᠲ ᠤᠨ ᠠᠷᠠᠯᠵᠢᠶ᠎ᠠ 163 ᠳ᠋ᠦᠩᠰᠢᠭᠤᠷ ᠲᠦᠬᠦᠷᠢᠭ᠌ ᠲᠤ ᠬᠦᠷᠪᠡ

2017-10-13 16:14

    10 ᠰᠠᠷ ᠠ  ᠶᠢᠨ 10 ᠤ ᠡᠳᠦᠷ᠂ ᠳᠤᠮᠳᠠᠳᠤ ᠤᠯᠤᠰ ᠤᠨ ᠪᠠᠩᠭᠢ ᠶᠢᠨ ᠺᠠᠷᠲ ᠤᠨ ᠬᠤᠯᠪᠤᠭ᠎ᠠ ᠶᠢᠨ ᠦᠪᠦᠷ ᠮᠣᠩᠭᠣᠯ ᠳᠡᠬᠢ ᠬᠤᠪᠢᠷᠢ ᠺᠤᠮᠫᠠᠨᠢ ᠡᠴᠡ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠡᠬᠢ ᠪᠠᠩᠭᠢ ᠶᠢᠨ ᠺᠠᠷᠲ ᠤᠨ ᠬᠤᠯᠪᠤᠭ᠎ᠠ ᠶᠢᠨ ᠨᠸᠲ ᠤᠨ ᠠᠷᠠᠯᠵᠢᠶᠠᠨ ᠤ ᠲᠤᠭ᠎ᠠ ᠪᠠᠷᠢᠮᠲᠠ ᠶᠢ ᠨᠡᠶᠢᠲᠡᠯᠡᠪᠡ᠃ ᠠᠮᠠᠷᠠᠯᠲᠠ ᠶᠢᠨ ᠬᠤᠭᠤᠴᠠᠭᠠᠨ ᠳᠤ᠂ ᠦᠪᠦᠷ ᠮᠣᠩᠭᠣᠯ ᠤᠨ ᠪᠦᠰᠡ ᠨᠤᠲᠤᠭ ᠤᠨ ᠪᠠᠩᠭᠢ ᠶᠢᠨ ᠺᠠᠷᠲ ᠤᠨ ᠬᠤᠯᠪᠤᠭ᠎ᠠ ᠶᠢᠨ ᠨᠸᠲ ᠤᠨ ᠠᠷᠠᠯᠵᠢᠶᠠᠨ ᠤ ᠦᠷᠲᠡᠭ 162.77 ᠳ᠋ᠦᠩᠰᠢᠭᠤᠷ ᠲᠦᠬᠦᠷᠢᠭ᠌ ᠲᠤ ᠬᠦᠷᠴᠤ᠂ ᠨᠡᠶᠢᠲᠡ 611.03 ᠲᠦᠮᠡ ᠤᠳᠠᠭᠠᠨ ᠤ ᠠᠷᠠᠯᠵᠢᠶ᠎ᠠ ᠶᠢ ᠪᠡᠶᠡᠯᠡᠭᠦᠯᠵᠤ᠂ ᠡᠳᠦᠷ ᠳᠤᠮᠳᠠᠴᠢ ᠠᠷᠠᠯᠵᠢᠶᠠᠨ ᠤ ᠦᠷᠲᠡᠭ ᠨᠢᠳᠤᠨᠤᠨ ᠤ ᠤᠯᠤᠰ ᠤᠨ ᠪᠠᠶᠠᠷ ᠤᠨ ᠠᠮᠠᠷᠠᠯᠲᠠ ᠡᠴᠡ 22% ᠢᠶᠡᠷ ᠨᠡᠮᠡᠭᠳᠡᠪᠡ᠃

    ᠪᠦᠷᠢᠳᠭᠡᠯ ᠢ ᠦᠨᠳᠦᠰᠦᠯᠡᠪᠡᠯ᠂ ᠬᠡᠷᠡᠭᠯᠡᠭᠡᠨ ᠤ ᠲᠠᠯ᠎ᠠ ᠪᠡᠷ ᠪᠠᠭᠤᠳᠠᠯ᠂ ᠬᠤᠭᠤᠯᠠ ᠤᠮᠲᠠ᠂ ᠬᠤᠳᠠᠯᠳᠤᠨ ᠠᠪᠬᠤ ᠵᠢᠴᠢ ᠮᠠᠰᠢᠨ ᠲᠡᠷᠭᠡᠨ ᠳᠤ ᠲᠤᠰᠤ ᠨᠡᠮᠡᠬᠦ ᠵᠡᠷᠭᠡ ᠢᠷᠭᠡᠳ ᠤᠨ ᠠᠮᠢᠵᠢᠷᠠᠭ᠎ᠠ ᠲᠠᠢ ᠬᠠᠮᠢᠶᠠᠲᠠᠢ ᠠᠵᠤ ᠦᠢᠯᠡᠰ ᠤᠨ ᠠᠷᠠᠯᠵᠢᠶᠠᠨ ᠤ ᠦᠷᠳᠡᠭ ᠮᠡᠳᠡᠭᠳᠡᠮ᠎ᠠ ᠨᠡᠮᠡᠭᠳᠡᠵᠤ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠠᠷᠠᠯᠵᠢᠶᠠᠨ ᠤ ᠬᠠᠭᠠᠰ ᠡᠴᠡ ᠢᠯᠡᠭᠦᠦ ᠶᠢ ᠡᠵᠡᠯᠡᠪᠡ᠃ ᠡᠯ᠎ᠠ ᠠᠵᠢᠯ ᠲᠦᠷᠦᠯ ᠳᠤ ᠪᠦᠷᠢᠨ ᠪᠠᠷᠠᠭᠠᠲᠤ ᠪᠡᠷ ᠲᠤᠭᠤᠷᠢᠵᠤ ᠶᠠᠭᠤᠮ᠎ᠠ ᠬᠤᠳᠠᠯᠳᠤᠨ ᠠᠪᠬᠤ ᠨᠡᠮᠡᠭᠳᠡᠯ ᠤᠨ ᠬᠤᠷᠳᠤᠴᠠ ᠪᠤᠰᠤᠳ ᠠᠵᠢᠯ ᠲᠦᠷᠦᠯ ᠡᠴᠡ ᠮᠡᠳᠡᠭᠳᠡᠮ᠎ᠠ ᠦᠨᠳᠦᠷ ᠪᠠᠶᠢᠵᠤ᠂ ᠠᠷᠠᠯᠵᠢᠶᠠᠨ ᠤ ᠶᠡᠷᠦᠩᠬᠡᠢ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 175% ᠪᠡᠷ ᠨᠡᠮᠡᠭᠳᠡᠵᠠᠢ᠃ ᠪᠠᠩᠭᠢ ᠶᠢᠨ ᠺᠠᠷᠲ ᠤᠨ ᠬᠤᠯᠪᠤᠭ᠎ᠠ ᠶᠢᠨ ᠳ᠋ᠠᠶᠢᠲ᠋ᠠ ᠳᠤ ᠢᠯᠡᠷᠡᠭᠰᠡᠨ ᠢᠶᠡᠷ ᠬᠦᠬᠡᠬᠤᠲᠠ ᠶᠢᠨ ᠰᠠᠭᠤᠭᠠᠯᠢ ᠢᠷᠭᠡᠳ ᠤᠨ ᠬᠤᠳᠠᠯᠳᠤᠨ ᠠᠪᠤᠭᠰᠠᠨ ᠠᠷᠠᠯᠵᠢᠶᠠᠨ ᠤ ᠦᠷᠲᠡᠭ ᠤᠷᠤᠶᠢᠯᠠᠵᠤ ᠪᠤᠢ᠃

    ᠭᠠᠳᠠᠭᠰᠢ ᠠᠶᠠᠯᠠᠬᠤ ᠲᠠᠯ᠎ᠠ ᠪᠡᠷ᠂ ᠮᠠᠰᠢᠨ ᠲᠡᠷᠭᠡᠨ ᠳᠤ ᠪᠡᠨ ᠲᠤᠰᠤ ᠨᠡᠮᠡᠬᠦ ᠬᠦᠮᠦᠰ ᠤᠨ ᠠᠷᠠᠯᠵᠢᠶᠠᠨ ᠤ ᠦᠷᠲᠡᠭ 63% ᠪᠡᠷ ᠨᠡᠮᠡᠭᠳᠡᠵᠠᠢ᠂ ᠡᠨᠡ ᠨᠢ ᠦᠪᠦᠷ ᠮᠣᠩᠭᠣᠯ ᠤᠨ ᠰᠠᠭᠤᠭᠠᠯᠢ ᠢᠷᠭᠡᠳ ᠤᠨ ᠦᠪᠡᠷ ᠤᠨ ᠮᠠᠰᠢᠨ ᠢᠶᠡᠷ ᠢᠶᠡᠨ ᠵᠢᠭᠤᠯᠴᠢᠯᠠᠬᠤ ᠬᠦᠰᠡᠯ ᠨᠡᠮᠡᠭᠳᠡᠭᠰᠡᠨ ᠢ ᠬᠠᠷᠠᠭᠤᠯᠵᠠᠢ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121799998