蒙古文网站Logo
ᠰᠢᠨᠬᠤᠸᠠ ᠮᠤᠩᠭ᠋ᠤᠯ ᠨᠧᠲ

ᠦᠨᠦ ᠵᠢᠯ 1.1 ᠳ᠋ᠦᠩᠰᠢᠭᠤᠷ ᠬᠤᠪᠢ ᠦᠪᠦᠷ ᠮᠣᠩᠭᠣᠯ ᠤᠨ ᠤᠨᠴᠠᠯᠢᠭᠲᠤ ᠭᠠᠷᠤᠯᠲᠠ ᠪᠤᠤᠬᠢᠶ᠎ᠠ ᠪᠡᠷ ᠤᠯᠤᠰ ᠳᠠᠶᠠᠭᠠᠷ ᠲᠤ ᠳᠠᠮᠵᠢᠭᠳᠠᠨ᠎ᠠ

2017-10-13 17:15

    ᠰᠢᠨᠬᠤᠸᠠ ᠨᠸᠲ   ᠬᠦᠬᠡᠬᠤᠲᠠ ᠶᠢᠨ 10 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ (ᠼᠤᠤ ᠵᠸᠠ) ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠤᠳᠠᠨ ᠤ ᠬᠠᠮᠢᠶᠠᠷᠤᠯᠲᠠ ᠶᠢᠨ ᠲᠤᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠤᠳᠤᠬᠠᠨ ᠪᠤᠯᠳᠠᠯ᠎ᠠ ᠦᠪᠦᠷ ᠮᠣᠩᠭᠣᠯ ᠤᠨ ᠪᠤᠤᠬᠢᠶ᠎ᠠ ᠦᠢᠯᠡᠴᠢᠯᠡᠭᠡᠨ ᠤ ᠦᠢᠯᠡᠳᠬᠦ ᠦᠢᠯᠡᠰ᠂ ᠤᠳᠤᠬᠢᠴᠢᠯᠠᠭᠰᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠠ ᠴᠠᠷᠠᠭ᠎ᠠ ᠦᠷᠭᠡᠳᠴᠤ ᠲᠦᠭᠦᠬᠡᠢ ᠦᠭᠡᠷ ᠬᠤᠨᠢᠨ ᠤ ᠮᠢᠬ᠎ᠠ᠂ ᠪᠤᠷᠴᠠ ᠪᠤᠯᠪᠠᠰᠤᠷᠠᠭᠤᠯᠬᠤ ᠵᠢᠴᠢ ᠨᠤᠤᠯᠤᠷ ᠤᠨ ᠪᠦᠲᠦᠭᠡᠭ᠍ᠲᠡᠬᠦᠨ ᠢᠶᠡᠷ ᠭᠤᠤᠯ ᠪᠤᠯᠭᠠᠭᠰᠠᠨ ᠦᠢᠯᠡᠴᠢᠯᠡᠭᠡᠨ ᠤ ᠦᠢᠯᠡᠳᠬᠦ ᠦᠢᠯᠡᠰ ᠤᠨ ᠲᠦᠰᠦᠯ 50 ᠳᠤ ᠬᠦᠷᠴᠤ᠂ ᠤᠷᠢᠳᠴᠢᠯᠠᠨ ᠲᠤᠭᠠᠴᠠᠭᠠᠯᠠᠭᠰᠠᠨ ᠢᠶᠡᠷ 1.1 ᠳ᠋ᠦᠩᠰᠢᠭᠤᠷ ᠬᠤᠪᠢ ᠦᠪᠦᠷ ᠮᠣᠩᠭᠣᠯ ᠤᠨ ᠤᠨᠴᠠᠯᠢᠭᠲᠤ ᠭᠠᠷᠤᠯᠲᠠ ᠪᠤᠤᠬᠢᠶ᠎᠎ᠠ ᠪᠡᠷ ᠤᠯᠤᠰ ᠳᠠᠶᠠᠭᠠᠷ ᠤᠨ ᠡᠯ᠎ᠠ ᠪᠦᠰᠡ ᠨᠤᠲᠤᠭ ᠲᠤ ᠬᠦᠷᠬᠦ ᠪᠤᠯᠤᠨ᠎ᠠ᠃

    ᠦᠨᠦ ᠵᠢᠯ ᠤᠨ 10 ᠰᠠᠷ ᠠ ᠶᠢᠨ 9 ᠤ ᠡᠳᠦᠷ ᠪᠤᠯ 48 ᠳ᠋ᠤᠭᠠᠷ ᠳᠡᠯᠡᠬᠡᠢ ᠶᠢᠨ ᠰᠢᠤᠲᠠᠨ ᠤ ᠡᠳᠦᠷ ᠪᠤᠯᠤᠨ᠎ᠠ᠂ ᠦᠪᠦᠷ ᠮᠣᠩᠭᠣᠯ ᠤᠨ ᠰᠢᠤᠳᠠᠨ ᠤ ᠬᠠᠮᠢᠶᠠᠷᠤᠯᠲᠠ ᠶᠢᠨ ᠲᠤᠪᠴᠢᠶ᠎ᠠ 12 ᠤᠨ ᠡᠳᠦᠷ ᠭᠤᠤᠯ ᠰᠡᠳᠦᠪᠲᠤ ᠠᠵᠢᠯᠯᠠᠭ᠎ᠠ ᠦᠷᠨᠢᠭᠦᠯᠵᠤ ᠲᠠᠪᠤᠨ ᠵᠢᠯ ᠤᠨ ᠲᠤᠷᠰᠢᠬᠢ ᠦᠪᠦᠷ ᠮᠣᠩᠭᠣᠯ ᠤᠨ ᠰᠢᠤᠳᠠᠨ ᠤ ᠦᠢᠯᠡᠰ ᠤᠨ ᠬᠦᠭ᠍ᠵᠢᠯᠲᠠ ᠶᠢᠨ ᠶᠠᠪᠤᠴᠠ ᠶᠢ ᠡᠷᠭᠢᠴᠡᠭᠦᠯᠪᠠ᠃

    ᠤᠶᠢᠯᠠᠭᠠᠭᠰᠠᠨ ᠢᠶᠡᠷ᠂ 2012 ᠤᠨ ᠡᠴᠡ ᠨᠠᠰᠢ᠂ ᠦᠪᠦᠷ ᠮᠣᠩᠭᠣᠯ ᠤᠨ ᠰᠢᠤᠳᠠᠨ ᠤ ᠦᠢᠯᠡᠰ ᠤᠨ ᠬᠦᠷᠢᠶ᠎ᠠ ᠴᠠᠷᠠᠭ᠎ᠠ ᠲᠠᠰᠤᠷᠠᠯᠲᠠ ᠦᠭᠡᠢ ᠦᠷᠭᠡᠵᠢᠵᠤ᠂ ᠤᠷᠤᠨ ᠳᠠᠶᠠᠭᠠᠷ ᠤᠨ ᠠᠵᠢᠯ ᠮᠡᠷᠭᠡᠵᠢᠯ ᠤᠨ ᠶᠡᠷᠦᠩᠬᠡᠢ ᠬᠡᠮᠵᠢᠶ᠎ᠠ ᠵᠢᠯ ᠳᠤᠮᠳᠠᠴᠢ ᠶᠢᠨ ᠨᠡᠮᠡᠭᠳᠡᠴᠠ 34.6% ᠳᠤ ᠬᠦᠷᠴᠠᠢ᠃ ᠲᠡᠳ᠋ ᠪᠦᠲᠦᠴᠡ ᠲᠡᠭᠦᠯᠳᠡᠷᠵᠢᠵᠤ 11 ᠠᠶᠢᠮᠠᠭ ᠬᠤᠲᠠ ᠶᠢᠨ ᠵᠡᠷᠭᠡᠯᠡᠯ ᠤᠨ ᠪᠤᠤᠬᠢᠶ᠎ᠠ ᠪᠠᠷᠠᠭᠠᠨ ᠤ ᠭᠦᠢᠯᠡᠭᠡᠭᠡᠨ ᠤ ᠬᠦᠷᠢᠶᠡᠯᠡᠩ ᠲᠤᠭᠤᠷᠢᠭ ᠢ ᠪᠠᠶᠢᠭᠤᠯᠵᠤ᠂ 8 ᠠᠶᠢᠮᠠᠭ ᠬᠤᠲᠠ ᠶᠢᠨ ᠪᠤᠤᠬᠢᠶᠠᠨ ᠤ ᠨᠸᠲ ᠤᠨ ᠰᠢᠶᠠᠨ ᠪᠠᠯᠭᠠᠰᠤᠨ ᠳᠡᠬᠢ ᠪᠦᠷᠬᠦᠴᠡ ᠶᠢᠨ ᠬᠡᠮᠵᠢᠶ᠎ᠠ 85% ᠶᠢ ᠬᠡᠲᠦᠷᠡᠨ᠂ 6000 ᠭᠠᠷᠤᠢ ᠦᠢᠯᠡᠴᠢᠯᠡᠭᠡᠨ ᠤ ᠨᠸᠲ ᠤᠨ ᠴᠡᠭ ᠪᠤᠯᠤᠨ ᠠᠷᠠᠳ ᠲᠤ ᠲᠦᠭᠦᠮ ᠦᠵᠡᠭᠦᠯᠬᠦ 8500 ᠭᠠᠷᠤᠢ ᠰᠢᠤᠳᠠᠨ ᠦᠢᠯᠡᠴᠢᠯᠡᠭᠡᠨ ᠤ ᠦᠷᠲᠡᠭᠡ ᠬᠤᠲᠠ ᠪᠠᠯᠭᠠᠰᠤ ᠪᠡᠷ ᠲᠠᠷᠬᠠᠵᠤ᠂ ᠰᠢᠤᠳᠠᠨ ᠦᠢᠯᠡᠴᠢᠯᠡᠭᠡ ᠬᠦᠮᠦᠰ ᠤᠨ ᠢᠳᠡᠵᠤ ᠡᠮᠦᠰᠬᠦ ᠰᠠᠭᠤᠬᠤ ᠬᠡᠷᠡᠭᠯᠡᠬᠦ ᠶᠠᠪᠤᠬᠤ ᠵᠡᠷᠭᠡ ᠨᠡᠶᠢᠭᠡᠮ ᠤᠨ ᠠᠮᠢᠳᠤᠷᠠᠯ ᠤᠨ ᠲᠠᠯ᠎ᠠ ᠪᠦᠬᠦᠨ ᠢ ᠬᠠᠮᠤᠷᠴᠤ ᠬᠤᠲᠠ ᠪᠠᠯᠭᠠᠰᠤ ᠪᠤᠯᠤᠨ ᠬᠤᠰᠢᠭᠤ ᠰᠢᠶᠠᠨ ᠤ ᠰᠢᠶᠠᠩ ᠪᠠᠯᠭᠠᠰᠤᠨ ᠳᠤ ᠡᠩ ᠤᠨ ᠪᠠᠭᠤᠳᠠᠯ ᠶᠢ ᠡᠷᠦᠬᠡ ᠳ᠋ᠤ ᠬᠦᠷᠳᠡᠯ᠎ᠠ ᠬᠦᠷᠭᠡᠬᠦ ᠶᠢ ᠪᠡᠶᠡᠯᠡᠭᠦᠯᠵᠡᠢ᠃ ᠤᠳᠤᠬᠠᠨ ᠳᠤ᠂ ᠦᠪᠦᠷ ᠮᠣᠩᠭᠣᠯ ᠤᠨ ᠪᠤᠤᠬᠢᠶ᠎ᠠ ᠶᠢ ᠪᠤᠳᠠᠳᠤ ᠨᠡᠷ᠎ᠠ ᠪᠡᠷ ᠢᠶᠡᠨ ᠢᠯᠡᠭᠡᠵᠤ ᠬᠤᠷᠢᠶᠠᠬᠤ ᠪᠠᠶᠢᠳᠠᠯ 80% ᠶ᠋ᠢ ᠬᠡᠳᠦᠷᠡᠪᠡ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121800388