蒙古文网站Logo
ᠰᠢᠨᠬᠤᠸᠠ ᠮᠤᠩᠭ᠋ᠤᠯ ᠨᠧᠲ

9 ᠰᠠᠷ᠎ᠠ ᠶᠢᠨ CPI ᠶ᠋ᠢᠨ ᠦᠰᠦᠯᠳᠡ ᠶᠢᠨ ᠬᠡᠮᠵᠢᠶ᠎ᠠ 8 ᠰᠠᠷ᠎ᠠ ᠳᠠᠷᠠᠭᠠᠯᠠᠨ 2% ᠬᠦᠷᠦᠭ᠍ᠰᠡᠨ ᠦᠭᠡᠢ

2017-10-16 14:51

    ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠦᠨᠦᠳᠦᠷ 9 ᠰᠠᠷ ᠠ ᠶᠢᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ ᠠ ᠬᠠᠩᠰᠢ ᠶᠢᠨ ᠵᠢᠭᠠᠯᠲᠠ ᠲᠤᠭ᠎ᠠ (CPI ) ᠶ᠋ᠢ ᠨᠡᠶᠢᠲᠡᠯᠡᠪᠡ᠃ ᠤᠷᠢᠳᠴᠢᠯᠠᠨ ᠲᠤᠭᠠᠴᠠᠭᠠᠯᠠᠭᠰᠠᠨ ᠢᠶᠡᠷ᠂ ᠢᠳᠡᠰᠢᠨ ᠨᠤᠭᠤᠭ᠎ᠠ ᠵᠡᠷᠭᠡ ᠶᠢᠨ ᠦᠨ᠎ᠠ ᠬᠠᠩᠰᠢ ᠶᠢᠨ ᠡᠷᠭᠢᠯᠲᠠ ᠶᠢᠨ ᠨᠦᠯᠦᠭᠡ ᠡᠴᠡ ᠪᠤᠯᠵᠤ᠂ 9 ᠰᠠᠷ᠎ᠠ ᠶᠢᠨ CPI ᠶ᠋ᠢᠨ ᠦᠩᠭᠡᠷᠡᠭᠰᠡᠨ ᠤᠨ ᠤ ᠮᠦᠨ ᠦᠶ᠎ᠠ ᠲᠠᠢ ᠬᠠᠷᠢᠴᠠᠭᠤᠯᠪᠠᠯ ᠦᠰᠦᠯᠲᠡ ᠶᠢᠨ ᠬᠡᠮᠵᠢᠶ᠎ᠠ ᠪᠠᠭᠠᠰᠴᠤ ᠦᠷᠭᠦᠯᠵᠢᠯᠡᠨ《1 ᠴᠠᠭ ᠦᠶ᠎ᠠ》 ᠳᠤ ᠪᠠᠶᠢᠨ᠎ᠠ᠃ ᠬᠡᠷᠪᠡ ᠳᠡᠭᠡᠷᠡᠬᠢ ᠵᠢᠱᠢᠯᠲᠡ ᠪᠤᠲᠠᠲᠠᠶᠢᠵᠢᠪᠠᠯ CPI ᠶ᠋ᠢᠨ ᠦᠩᠭᠡᠷᠡᠭᠰᠡᠨ ᠤᠨ ᠤ ᠮᠦᠨ ᠦᠶ᠎ᠠ ᠲᠠᠢ ᠬᠠᠷᠢᠴᠠᠭᠤᠯᠤᠭᠰᠠᠨ ᠦᠰᠦᠯᠲᠡ ᠶᠢᠨ ᠬᠡᠮᠵᠢᠶ᠎ᠠ 8 ᠰᠠᠷ᠎ᠠ ᠳᠠᠷᠠᠭᠠᠯᠠᠨ 2% ᠬᠦᠷᠬᠦ ᠦᠭᠡᠢ ᠪᠤᠯᠤᠨ᠎ᠠ᠃

    ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠲᠤᠭ᠎ᠠ ᠪᠦᠷᠢᠳᠭᠡᠯ ᠳᠤ ᠢᠯᠡᠷᠡᠭᠰᠡᠨ ᠢᠶᠡᠷ᠂ 8 ᠰᠠᠷ᠎ᠠ ᠶᠢᠨ CPI ᠦᠩᠭᠡᠷᠡᠭᠰᠡᠨ ᠤᠨ ᠤ ᠮᠦᠨ ᠦᠶ᠎ᠠ ᠡᠴᠡ 1.8% ᠪᠡᠷ ᠦᠰᠴᠤ᠂ ᠦᠰᠦᠯᠲᠠ ᠶᠢᠨ ᠬᠡᠮᠵᠢᠶ᠎ᠠ 7 ᠰᠠᠷ᠎ᠠ ᠶᠢᠨ ᠬᠢ ᠡᠴᠡ ᠵᠠᠭᠤᠨ ᠤ ᠬᠠᠷᠢᠴᠠᠯ ᠢᠶᠡᠷ 0.4 ᠪᠡᠷ ᠨᠡᠮᠡᠭᠳᠡᠪᠡ᠃

    ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠢᠨᠡᠨ ᠬᠡᠮᠵᠢᠯᠲᠠ ᠳᠤ᠂ 9 ᠰᠠᠷ᠎ᠠ ᠶᠢᠨ 11 ᠡᠴᠡ 17 ᠤ ᠡᠳᠦᠷ ᠪᠤᠯᠲᠠᠯ᠎ᠠ᠂ 30 ᠲᠦᠷᠦᠯ ᠤᠨ ᠢᠳᠡᠰᠢᠨ ᠨᠤᠭᠤᠭᠠᠨ ᠤ ᠳᠤᠮᠳᠠᠴᠢ ᠦᠨ᠎ᠠ ᠡᠮᠦᠨᠡᠬᠢ ᠭᠠᠷᠠᠭ ᠡᠴᠡ 2% ᠢᠶᠡᠷ ᠪᠠᠭᠤᠷᠠᠪᠠ᠃ 9 ᠰᠠᠷ᠎ᠠ ᠶᠢᠨ 18 ᠡᠴᠡ 24 ᠤ ᠡᠳᠦᠷ ᠪᠤᠯᠲᠠᠯ᠎ᠠ 30 ᠲᠦᠷᠦᠯ ᠤᠨ ᠢᠳᠡᠰᠢᠨ ᠨᠤᠭᠤᠭᠠᠨ ᠤ ᠳᠤᠮᠳᠠᠴᠢ ᠪᠦᠭᠡᠮ ᠢᠶᠡᠷ ᠪᠤᠷᠤᠯᠠᠭᠤᠯᠬᠤ ᠦᠨ᠎ᠠ ᠨᠢ ᠺᠢᠯᠦᠭᠷᠠᠮ ᠪᠦᠷᠢ ᠳᠤ ᠪᠡᠨ 3.84 ᠲᠦᠬᠦᠷᠢᠭ᠌ ᠪᠠᠶᠢᠵᠤ᠂ ᠦᠩᠭᠡᠷᠡᠭᠰᠡᠨ ᠭᠠᠷᠠᠭ ᠡᠴᠡ 2.8% ᠪᠡᠷ ᠪᠠᠭᠤᠷᠠᠵᠠᠢ᠃ ᠭᠠᠬᠠᠢ ᠶᠢᠨ ᠮᠢᠬᠠᠨ ᠤ ᠦᠨ᠎ᠠ ᠺᠢᠯᠦᠭᠷᠠᠮ ᠪᠦᠷᠢ ᠳᠡᠭᠡᠨ 21.55 ᠲᠦᠬᠦᠷᠢᠭ᠌ ᠪᠠᠶᠢᠵᠤ ᠦᠩᠭᠡᠷᠡᠭᠰᠡᠨ ᠭᠠᠷᠠᠭ ᠤᠨ ᠬᠢ ᠡᠴᠡ 0.6% ᠪᠡᠷ ᠪᠠᠭᠤᠷᠠᠭᠰᠠᠨ ᠪᠠᠶᠢᠨ᠎ᠠ᠃

    Wind ᠮᠡᠳᠡᠭᠡᠯᠡᠯ ᠤᠨ ᠲᠤᠭ᠎ᠠ ᠪᠦᠷᠢᠳᠭᠡᠯ ᠳᠤ ᠢᠯᠡᠷᠡᠭᠰᠡᠨ ᠢᠶᠡᠷ᠂ 23 ᠪᠠᠶᠢᠭᠤᠯᠤᠮᠵᠢ ᠡᠴᠡ 9 ᠰᠠᠷ ᠠ ᠶᠢᠨ CPI ᠶ᠋ᠢ ᠦᠩᠭᠡᠷᠡᠭᠰᠡᠨ ᠤᠨ ᠤ ᠮᠦᠨ ᠦᠶ᠎ᠠ ᠲᠠᠢ ᠬᠠᠷᠢᠴᠠᠭᠤᠯᠤᠭᠰᠠᠨ ᠳᠤᠮᠳᠠᠴᠢ ᠲᠦᠰᠦᠭᠡᠯᠡᠭᠰᠡᠨ ᠬᠡᠮᠵᠢᠶ᠎ᠡ ᠨᠢ 1.6% ᠪᠠᠶᠢᠵᠤ᠂ ᠬᠠᠮᠤᠭ ᠤᠨ ᠶᠡᠬᠡ ᠲᠦᠰᠦᠭᠡᠯᠡᠭᠰᠡᠨ ᠬᠡᠮᠵᠢᠶ᠎ᠠ ᠨᠢ 1.8% ᠳᠤ ᠬᠦᠷᠴᠤ᠂ ᠬᠠᠮᠤᠭ ᠤᠨ ᠪᠠᠭ᠎ᠠ ᠲᠦᠰᠦᠭᠡᠯᠡᠭᠰᠡᠨ ᠬᠡᠮᠵᠢᠶ᠎ᠠ ᠨᠢ 1.4% ᠪᠠᠶᠢᠪᠠ᠃ ᠬᠡᠷᠪᠡ ᠳᠡᠭᠡᠷᠡᠬᠢ ᠵᠢᠱᠢᠯᠲᠡ ᠪᠤᠲᠠᠲᠠᠶᠢᠵᠢᠪᠠᠯ CPI ᠶᠢᠨ ᠦᠩᠭᠡᠷᠡᠭᠰᠡᠨ ᠤᠨ ᠤ ᠮᠦᠨ ᠦᠶ᠎ᠠ ᠲᠠᠢ ᠬᠠᠷᠢᠴᠠᠭᠤᠯᠤᠭᠰᠠᠨ ᠦᠰᠦᠯᠲᠡ ᠶᠢᠨ ᠬᠡᠮᠵᠢᠶ᠎ᠠ 8 ᠰᠠᠷ᠎ᠠ ᠳᠠᠷᠠᠭᠠᠯᠠᠨ 2% ᠬᠦᠷᠬᠦ ᠦᠭᠡᠢ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121810301