蒙古文网站Logo
ᠰᠢᠨᠬᠤᠸᠠ ᠮᠤᠩᠭ᠋ᠤᠯ ᠨᠧᠲ

9 ᠰᠠᠷ᠎ᠠ ᠳᠤ ᠤᠯᠤᠰ ᠳᠠᠶᠠᠭᠠᠷ ᠤᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠠ ᠬᠠᠩᠰᠢ ᠦᠩᠭᠡᠷᠡᠭᠰᠡᠨ ᠤᠨ ᠤ ᠮᠦᠨ ᠦᠶ᠎ᠠ ᠡᠴᠡ 1.6% ᠪᠡᠷ ᠨᠡᠮᠡᠭᠳᠡᠪᠡ

2017-10-16 16:37

    ᠰᠢᠨᠬᠤᠸᠠ ᠬᠤᠷᠢᠶ᠎ᠠ   ᠪᠡᠭᠡᠵᠢᠩ ᠤᠨ 10 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ (ᠴᠸᠨ ᠸᠸᠢ ᠸᠸᠢ᠂ ᠶᠠᠩ ᠰᠢᠤᠸᠸ ᠵᠢᠶᠠ) ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ 16 ᠤ ᠡᠳᠦᠷ ᠤᠨ ᠨᠡᠶᠢᠲᠡᠯᠡᠭᠰᠡᠨ ᠲᠤᠭ᠎ᠠ ᠪᠦᠷᠢᠳᠭᠡᠯ ᠳᠤ᠂ 9 ᠰᠠᠷ᠎ᠠ ᠳᠤ᠂ ᠤᠯᠤᠰ ᠳᠠᠶᠠᠭᠠᠷ ᠤᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠠ ᠬᠠᠩᠰᠢ (CPI) ᠦᠩᠭᠡᠷᠡᠭᠰᠡᠨ ᠤᠨ ᠤ ᠮᠦᠨ ᠦᠶ᠎ᠠ ᠡᠴᠡ 1.6% ᠪᠡᠷ ᠨᠡᠮᠡᠭᠳᠡᠪᠡ᠂ ᠨᠡᠮᠡᠭᠳᠡᠴᠡ ᠶᠢᠨ ᠬᠡᠮᠵᠢᠶ᠎ᠠ ᠲᠦᠷᠦᠭᠦᠦ ᠰᠠᠷ᠎ᠠ ᠡᠴᠡ ᠵᠠᠭᠤᠨ ᠤ ᠬᠠᠷᠢᠴᠠᠯ ᠢᠶᠡᠷ 0.2 ᠢᠶᠡᠷ ᠪᠠᠭᠤᠷᠠᠪᠠ᠃ 1 ᠡᠴᠡ 9 ᠰᠠᠷ᠎ᠠ ᠳᠤ ᠤᠯᠤᠰ ᠳᠠᠶᠠᠭᠠᠷ ᠤᠨ ᠳᠤᠮᠳᠠᠴᠢ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠠ ᠬᠠᠩᠰᠢ ᠶᠢᠨ ᠬᠢᠷᠢ ᠲᠦᠪᠰᠢᠨ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 1.5% ᠪᠡᠷ ᠦᠰᠴᠠᠢ᠃

    9 ᠰᠠᠷ᠎ᠠ ᠳᠤ᠂ CPI ᠶ᠋ᠢ ᠪᠦᠷᠢᠯᠳᠦᠭᠦᠯᠦᠭᠰᠡᠨ 8 ᠲᠤᠮᠤ ᠲᠦᠷᠦᠯ ᠤᠨ ᠲᠠᠸᠠᠷ ᠪᠤᠯᠤᠨ ᠦᠢᠯᠡᠴᠢᠯᠡᠭᠡᠨ ᠤ ᠦᠨ᠎ᠠ ᠦᠩᠭᠡᠷᠡᠭᠰᠡᠨ ᠤᠨ ᠤ ᠮᠦᠨ ᠦᠶ᠎ᠠ ᠡᠴᠡ ᠲᠤᠯᠤᠭ᠎ᠠ ᠦᠰᠴᠤ ᠨᠢᠭᠡ ᠪᠠᠭᠤᠷᠠᠪᠠ᠃ ᠲᠤᠬᠠᠢ ᠶᠢᠨ ᠰᠠᠷ᠎ᠠ ᠳᠤ ᠢᠳᠡᠭᠡᠨ᠂ ᠠᠷᠢᠬᠢ ᠲᠠᠮᠠᠬᠢᠨ ᠤ ᠦᠨ᠎ᠠ ᠬᠠᠩᠰᠢ ᠦᠩᠭᠡᠷᠡᠭᠰᠡᠨ ᠤᠨ ᠤ ᠮᠦᠨ ᠦᠶ᠎ᠠ ᠡᠴᠡ 0.4% ᠪᠡᠷ ᠪᠠᠭᠤᠷᠠᠵᠤ᠂ CPI ᠶ᠋ᠢᠨ ᠵᠠᠭᠤᠨ ᠤ ᠬᠠᠷᠢᠴᠠᠯ ᠢ 0.11 ᠪᠡᠷ ᠪᠠᠭᠤᠷᠠᠭᠤᠯᠵᠠᠢ᠃ ᠡᠭᠦᠨ ᠳᠤ᠂ ᠮᠠᠯ ᠤᠨ ᠮᠢᠬᠠᠨ ᠤ ᠦᠨ᠎ᠠ ᠬᠠᠩᠰᠢ 7.5% ᠪᠡᠷ ᠪᠠᠭᠤᠷᠠᠵᠤ CPI ᠶ᠋ᠢᠨ ᠵᠠᠭᠤᠨ ᠤ ᠬᠠᠷᠢᠴᠠᠯ ᠢ 0.37 ᠪᠡᠷ ᠪᠠᠭᠤᠷᠠᠭᠤᠯᠪᠠ᠃ ᠵᠢᠮᠢᠰ ᠤᠨ ᠦᠨ᠎ᠠ ᠬᠠᠩᠰᠢ 1% ᠪᠡᠷ ᠪᠠᠭᠤᠷᠠᠵᠤ᠂ CPI ᠶ᠋ᠢᠨ ᠵᠠᠭᠤᠨ ᠤ ᠬᠠᠷᠢᠴᠠᠯ ᠢ 0.02 ᠪᠡᠷ ᠪᠠᠭᠤᠷᠠᠭᠤᠯᠤᠨ᠂ ᠦᠨᠳᠡᠭᠡᠨ ᠤ ᠲᠦᠷᠦᠯ ᠤᠨ ᠦᠨ᠎ᠠ ᠬᠠᠩᠰᠢ 3.7% ᠪᠡᠷ ᠦᠰᠴᠤ᠂ CPI ᠶ᠋ᠢᠨ ᠵᠠᠭᠤᠨ ᠤ ᠬᠠᠷᠢᠴᠠᠯ ᠢ 0.02 ᠪᠡᠷ ᠨᠡᠮᠡᠭᠳᠡᠭᠦᠯᠦᠭᠰᠡᠨ ᠪᠠᠶᠢᠨ᠎ᠠ᠃

    9 ᠰᠠᠷ᠎ᠠ ᠳᠤ᠂ ᠪᠤᠰᠤᠳ ᠲᠤᠯᠤᠭᠠᠨ ᠲᠦᠷᠦᠯ ᠤᠨ ᠦᠨ᠎ᠠ ᠬᠠᠩᠰᠢ ᠴᠦᠮ ᠠᠳᠠᠯᠢ ᠪᠤᠰᠤ ᠬᠡᠮᠵᠢᠶᠠᠨ ᠳᠤ ᠦᠰᠦᠭᠰᠡᠨ ᠪᠠᠶᠢᠨ᠎ᠠ᠃ ᠡᠭᠦᠨ ᠳᠤ ᠡᠮ ᠡᠮᠨᠡᠯᠭᠡ᠂ ᠤᠷᠤᠨ ᠰᠠᠭᠤᠴᠠ᠂ ᠰᠤᠷᠭᠠᠨ ᠬᠦᠮᠦᠵᠢᠯ ᠰᠤᠶᠤᠯ ᠪᠤᠯᠤᠨ ᠵᠤᠭ᠎ᠠ ᠴᠠᠩᠭᠡᠯ ᠤᠨ ᠦᠨ᠎ᠠ ᠬᠠᠩᠰᠢ ᠲᠤᠰ ᠪᠦᠷᠢ 7.6%᠂ 2.8%᠂ ᠪᠤᠯᠤᠨ 2.3% ᠪᠡᠷ ᠦᠰᠴᠤ᠂ ᠠᠮᠢᠳᠤᠷᠠᠯ ᠤᠨ ᠬᠡᠷᠡᠭᠯᠡᠭᠡ ᠵᠢᠴᠢ ᠦᠢᠯᠡᠴᠢᠯᠡᠭᠡ᠂ ᠪᠤᠰᠤᠳ ᠬᠡᠷᠡᠭᠯᠡᠭᠡᠨ ᠤ ᠪᠤᠳᠠᠰ ᠪᠤᠯᠤᠨ ᠦᠢᠯᠡᠴᠢᠯᠡᠭᠡᠨ ᠤ ᠦᠨ᠎ᠠ ᠬᠠᠩᠰᠢ ᠴᠦᠮ 1.4% ᠪᠡᠷ ᠦᠰᠦᠨ᠂ ᠬᠤᠪᠴᠠᠰᠤ ᠬᠤᠨᠠᠷ ᠵᠠᠮ ᠬᠠᠷᠢᠯᠴᠠᠭ᠎ᠠ ᠪᠤᠯᠤᠨ ᠴᠢᠮᠡᠭᠡ ᠬᠤᠯᠪᠤᠭᠠᠨ ᠤ ᠦᠨ᠎ᠠ ᠬᠠᠩᠰᠢ ᠴᠦᠮ 1.3% ᠪᠤᠯᠤᠨ 0.5% ᠪᠡᠷ ᠦᠰᠴᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121811232