蒙古文网站Logo
ᠰᠢᠨᠬᠤᠸᠠ ᠮᠤᠩᠭ᠋ᠤᠯ ᠨᠧᠲ

ᠲᠠᠷᠢᠶᠠᠯᠠᠩ ᠤᠨ ᠶᠠᠮᠤᠨ ᠡᠴᠡ ᠤᠷᠢᠳᠴᠢᠯᠠᠨ ᠲᠤᠭᠴᠠᠭᠠᠯᠠᠭᠰᠠᠨ ᠢᠶᠡᠷ 2017 ᠤᠨ ᠳᠤ ᠳᠤᠮᠳᠠᠳᠤ ᠤᠯᠤᠰ ᠤᠨ ᠠᠮᠤ ᠪᠤᠳᠠᠭᠠᠨ ᠤ ᠤᠨᠠᠯᠲᠠ 1.2 ᠲᠦᠮᠡ ᠭᠠᠷᠤᠢ ᠳ᠋ᠦᠩᠰᠢᠭᠤᠷ ᠵᠢᠩ ᠳᠤ ᠬᠦᠷᠦᠨ᠎ᠠ

2017-10-17 16:34

    ᠰᠤᠷᠪᠤᠯᠵᠢᠯᠠᠭᠴᠢ 16 ᠤ ᠡᠳᠦᠷ ᠳᠤᠮᠳᠠᠳᠤ ᠤᠯᠤᠰ ᠤᠨ ᠲᠠᠷᠢᠶᠠᠯᠠᠩ ᠤᠨ ᠶᠠᠮᠤᠨ ᠡᠴᠡ ᠤᠶᠢᠯᠠᠭᠠᠭᠰᠠᠨ ᠢᠶᠡᠷ᠂ ᠤᠳᠤᠬᠠᠨ ᠳᠤ ᠳᠤᠮᠳᠠᠳᠤ ᠤᠯᠤᠰ ᠤᠨ ᠠᠮᠤ ᠪᠤᠳᠠᠭᠠᠨ ᠤ ᠬᠤᠷᠢᠶᠠᠯᠲᠠ ᠨᠢᠭᠡᠨᠲᠡ ᠲᠤᠯᠤᠭᠠᠨ ᠬᠤᠪᠢ ᠶᠢ ᠪᠡᠶᠡᠯᠡᠭᠦᠯᠦᠭᠡᠳ ᠪᠤᠢ᠂ ᠪᠦᠲᠦᠨ ᠵᠢᠯ ᠤᠨ ᠠᠮᠤ ᠪᠤᠳᠠᠭᠠᠨ ᠤ ᠤᠨᠠᠯᠲᠠ ᠶᠢᠨ ᠪᠦᠲᠦᠴᠡ ᠨᠢᠭᠡᠨᠲᠡ ᠲᠤᠭᠲᠠᠪᠠ᠃

    ᠲᠠᠷᠢᠶᠠᠯᠠᠩ ᠤᠨ ᠶᠠᠮᠤᠨ ᠤ ᠤᠷᠢᠳᠴᠢᠯᠠᠨ ᠲᠤᠭᠴᠠᠭᠠᠯᠠᠭᠰᠠᠨ ᠢᠶᠡᠷ 2017 ᠤᠨ ᠳᠤ ᠳᠤᠮᠳᠠᠳᠤ ᠤᠯᠤᠰ ᠤᠨ ᠠᠮᠤ ᠪᠤᠳᠠᠭᠠᠨ ᠤ ᠤᠨᠠᠯᠲᠠ 1.2 ᠲᠦᠮᠡ ᠭᠠᠷᠤᠢ ᠳ᠋ᠦᠩᠰᠢᠭᠤᠷ ᠵᠢᠩ ᠳᠤ ᠬᠦᠷᠦᠨ᠎᠎ᠠ᠃ ᠲᠠᠷᠢᠶᠠᠯᠠᠩ ᠤᠨ ᠶᠠᠮᠤᠨ ᠤ ᠲᠤᠭ᠎ᠠ ᠪᠦᠷᠢᠳᠭᠡᠯ ᠳᠤ ᠢᠯᠡᠷᠡᠭᠰᠡᠨ ᠢᠶᠡᠷ᠂ 2017 ᠤᠨ ᠳᠤ ᠳᠤᠮᠳᠠᠳᠤ ᠤᠯᠤᠰ ᠤᠨ ᠠᠮᠤ ᠪᠤᠳᠠᠭ᠎ᠠ ᠲᠠᠷᠢᠭᠰᠠᠨ ᠲᠠᠯᠠᠪᠠᠢ ᠲᠤᠭᠲᠠᠭᠤᠨ᠂ ᠤᠷᠢᠳᠴᠢᠯᠠᠨ ᠲᠤᠭᠠᠴᠠᠭᠠᠯᠠᠭᠰᠠᠨ ᠢᠶᠡᠷ ᠦᠨᠦ ᠵᠢᠯ ᠤᠨ ᠠᠮᠤ ᠪᠤᠳᠠᠭᠠᠨ ᠤ ᠦᠷᠡᠯᠡᠬᠦ ᠲᠠᠯᠠᠪᠠᠢ 16.8 ᠳ᠋ᠦᠩᠰᠢᠭᠤᠷ ᠮᠦ ᠪᠠᠶᠢᠵᠤ ᠨᠢᠳᠤᠨᠤᠨ  ᠤ ᠬᠢ ᠡᠴᠡ ᠦᠯᠦ ᠮᠡᠳᠡᠭ ᠪᠠᠭᠠᠰᠪᠠ᠃ ᠲᠠᠯᠠᠪᠠᠢ ᠨᠢᠭᠡᠴᠢ ᠶᠢᠨ ᠤᠨᠠᠯᠲᠠ ᠲᠤᠭᠲᠠᠭᠤᠨ᠂ ᠤᠷᠢᠳᠴᠢᠯᠠᠨ ᠲᠤᠭᠠᠴᠠᠭᠠᠯᠠᠭᠰᠠᠨ ᠢᠶᠡᠷ ᠪᠤᠭᠤᠳᠠᠢ᠂ ᠲᠤᠳᠤᠷᠭ᠎ᠠ ᠶᠢᠨ ᠤᠨᠠᠯᠲᠠ ᠪᠠᠭ᠎ᠠ ᠨᠡᠮᠡᠭᠳᠡᠵᠤ᠂ ᠡᠷᠳᠡᠨᠢ ᠰᠢᠰᠢ ᠶᠢᠨ ᠤᠨᠠᠯᠲᠠ ᠦᠷᠭᠦᠯᠵᠢᠯᠡᠨ ᠪᠠᠭᠤᠷᠠᠵᠤ᠂ ᠡᠯᠳᠡᠪ ᠠᠮᠤ ᠶᠢᠨ ᠤᠨᠠᠯᠲᠠ ᠨᠡᠮᠡᠭᠳᠡᠵᠠᠢ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121816776