蒙古文网站Logo
ᠰᠢᠨᠬᠤᠸᠠ ᠮᠤᠩᠭ᠋ᠤᠯ ᠨᠧᠲ

ᠦᠨᠦ ᠵᠢᠯ ᠤᠨ ᠲᠦᠷᠦᠭᠦᠦ ᠭᠤᠷᠪᠠᠨ ᠤᠯᠠᠷᠢᠯ ᠳᠤ ᠮᠠᠨᠵᠤᠤᠷ ᠪᠤᠭᠤᠮᠲᠠ ᠶᠢᠨ ᠵᠢᠮᠢᠰ ᠨᠤᠭᠤᠭ᠎ᠠ ᠡᠺᠰᠫᠤᠷᠲ᠋ᠯᠠᠬᠰᠠᠨ ᠬᠡᠮᠵᠢᠶ᠎ᠠ 30 ᠲᠦᠮᠡᠨ ᠲᠤᠨ ᠢ ᠳᠠᠪᠠᠪᠠ

2017-10-19 10:53

    10 ᠰᠠᠷ᠎ᠠ ᠶᠢᠨ 17 ᠤ ᠡᠳᠦᠷ᠂ ᠦᠪᠦᠷ ᠮᠣᠩᠭᠣᠯ ᠤᠨ ᠬᠢᠯᠢ ᠪᠡᠷ ᠭᠠᠷᠭᠠᠵᠤ ᠤᠷᠤᠭᠤᠯᠬᠤ ᠶᠢ ᠰᠢᠯᠭᠠᠨ ᠪᠠᠶᠢᠴᠠᠭᠠᠬᠤ ᠬᠢᠵᠢᠭ᠌ ᠪᠠᠶᠢᠴᠠᠭᠠᠬᠤ ᠲᠤᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ 2017 ᠤᠨ ᠤ ᠲᠦᠷᠦᠭᠦᠦ ᠭᠤᠷᠪᠠᠨ ᠤᠯᠠᠷᠢᠯ ᠳᠤ 18806 ᠲᠦᠮᠡᠨ ᠳ᠋ᠤᠯᠯᠠᠷ ᠤᠨ ᠦᠷᠲᠡᠭ ᠲᠠᠢ 23249 ᠪᠦᠯᠦᠭ᠌᠂ 30.08 ᠲᠦᠮᠡᠨ ᠲᠤᠨ ᠵᠢᠮᠢᠰ ᠨᠤᠭᠤᠭ᠎ᠠ ᠮᠠᠨᠵᠤᠤᠷ ᠤᠨ ᠰᠢᠯᠭᠠᠨ ᠪᠠᠶᠢᠴᠠᠭᠠᠬᠤ ᠬᠢᠵᠢᠭ᠌ ᠪᠠᠶᠢᠴᠠᠭᠠᠬᠤ ᠲᠤᠪᠴᠢᠶ᠎ᠠ ᠶᠢᠨ ᠪᠠᠶᠢᠴᠠᠭᠠᠯᠲᠠ ᠶᠢ ᠦᠩᠭᠡᠷᠡᠵᠤ ᠡᠺᠰᠫᠤᠷᠲ᠋ᠯᠠᠪᠠ᠃ ᠡᠨᠡ ᠨᠢ ᠲᠤᠰ ᠪᠦᠷᠢ ᠦᠩᠭᠡᠷᠡᠭᠰᠡᠨ ᠤᠨ ᠤ ᠮᠦᠨ ᠦᠶ᠎ᠠ ᠡᠴᠡ 21.82%᠂ 18.33% ᠪᠤᠯᠤᠨ 30.72% ᠢ᠋ᠶᠡᠷ ᠨᠡᠮᠡᠭᠳᠡᠵᠤ᠂ ᠶᠡᠷᠦᠩᠬᠡᠢ ᠳᠤ ᠪᠡᠨ ᠲᠤᠭᠲᠠᠭᠤᠨ ᠦᠰᠦᠯᠲᠠ ᠶᠢᠨ ᠪᠠᠶᠢᠳᠠᠯ ᠲᠠᠢ ᠪᠠᠶᠢᠨ᠎ᠠ᠃

    ᠦᠨᠦ ᠵᠢᠯ ᠡᠴᠡ ᠨᠠᠰᠢ᠂ ᠮᠠᠨ ᠤ ᠤᠯᠤᠰ ᠤᠨ ᠵᠢᠮᠢᠰ ᠤᠨ ᠭᠠᠷᠤᠯᠲᠠ ᠶᠢᠨ ᠪᠦᠰᠡ ᠶᠢᠨ ᠬᠤᠷᠢᠶᠠᠯᠲᠠ ᠰᠠᠶᠢᠨ ᠪᠠᠶᠢᠵᠤ᠂ ᠬᠤᠳᠠᠯᠳᠤᠨ ᠠᠪᠬᠤ ᠦᠨ᠎ᠠ ᠬᠠᠩᠰᠢ ᠦᠩᠭᠡᠷᠡᠭᠰᠡᠨ ᠤᠨ ᠤ ᠮᠦᠨ ᠦᠶ᠎ᠠ ᠡᠴᠡ ᠶᠡᠬᠡᠪᠡᠷ ᠪᠠᠭᠤᠷᠠᠭᠰᠠᠨ ᠢᠶᠡᠷ ᠵᠢᠮᠢᠰ ᠶᠡᠬᠡ ᠬᠡᠮᠵᠢᠶ᠎ᠠ ᠪᠡᠷ ᠡᠺᠰᠫᠤᠷᠲ᠋ᠯᠠᠬᠤ ᠳᠠᠪᠠᠭᠤᠯᠢᠭ ᠢ ᠪᠤᠢ ᠪᠤᠯᠭᠠᠪᠠ᠃ ᠡᠭᠦᠨ ᠡᠴᠡ ᠭᠠᠳᠠᠨ᠎ᠠ᠂ ᠲᠠᠮᠤᠷ ᠵᠠᠮ ᠤᠨ ᠴᠢᠩᠭᠡᠯᠢᠭ᠌ ᠢᠶᠡᠷ ᠵᠦᠭᠡᠭᠡᠪᠦᠷᠢᠯᠡᠬᠦ  ᠶᠢ ᠪᠡᠶᠡᠯᠡᠭᠦᠯᠦᠭᠰᠡᠨ ᠢᠶᠡᠷ ᠰᠢᠨ᠎ᠠ ᠰᠤᠷᠭᠤᠭ ᠵᠢᠮᠢᠰ ᠨᠤᠭᠤᠭ᠎ᠠ ᠶᠢ ᠲᠤᠬᠲᠠᠮᠠᠯ ᠳᠤᠯᠠᠭᠠᠨ ᠴᠢᠩᠭᠡᠯᠢᠭ᠌ ᠢᠶᠡᠷ ᠰᠢᠭᠤᠳ Yekaterinburg᠂ ᠮᠤᠰᠺᠸᠠ ᠵᠡᠷᠭᠡ ᠪᠦᠰᠡ ᠨᠤᠲᠤᠭ ᠲᠤ ᠬᠦᠷᠭᠡᠵᠤ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121825458