蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠳᠤᠲᠤᠭᠠᠲᠤ ᠶᠢᠨ ᠴᠢᠶ᠊ᠢᠤ ᠴᠠᠶᠢᠶ᠊ᠢᠤ ᠶᠢᠨ ᠦᠨ᠎ᠡ ᠳᠤ ᠲᠤᠬᠢᠷᠠᠭᠤᠯᠤᠯᠲᠠ ᠬᠢᠬᠦ ᠦᠭᠡᠢ

2017-10-20 17:11

    ᠰᠢᠨᠬᠤᠸᠠ ᠬᠤᠷᠢᠶ᠎ᠠ   ᠪᠡᠭᠡᠵᠢᠩ ᠤᠨ 10 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠭᠡ (ᠶᠠᠩ ᠰᠢᠤᠸᠠᠢ ᠵᠢᠶᠠ᠂ ᠴᠸᠨ ᠸᠸᠢ ᠸᠸᠢ) ᠤᠯᠤᠰ ᠤᠨ ᠬᠦᠭ᠍ᠵᠢᠭᠦᠯᠦᠯᠲᠠ ᠦᠭᠡᠷᠡᠴᠢᠯᠡᠯᠲᠡ ᠶᠢᠨ ᠵᠦᠪᠯᠡᠯ 19 ᠤ ᠡᠳᠦᠷ ᠨᠡᠶᠢᠲᠡᠯᠡᠭᠰᠡᠨ ᠢᠶᠡᠷ᠂ ᠤᠳᠤᠬᠢ ᠤᠯᠤᠰ ᠤᠨ ᠲᠤᠳᠤᠭᠠᠲᠤᠬᠢ ᠪᠤᠯᠪᠠᠰᠤᠷᠠᠭᠤᠯᠤᠭᠰᠠᠨ ᠲᠤᠰᠤᠨ ᠤ ᠦᠨ᠎ᠠ ᠶᠢᠨ ᠲᠤᠭᠲᠠᠯᠴᠠᠭ᠎ᠠ ᠡᠴᠡ ᠠᠪᠴᠤ ᠦᠵᠡᠪᠡᠯ ᠲᠤᠰ ᠤᠳᠠᠭ᠎ᠠ ᠴᠢᠶ᠊ᠢᠤ ᠴᠠᠶᠢᠶ᠊ᠢᠤ ᠶᠢᠨ ᠦᠨ᠎ᠡ ᠳᠤ ᠲᠤᠬᠢᠷᠠᠭᠤᠯᠤᠯᠲᠠ ᠬᠢᠬᠦ ᠦᠭᠡᠢ᠃

    ᠤᠯᠤᠰ ᠤᠨ ᠬᠦᠭ᠍ᠵᠢᠭᠦᠯᠦᠯᠲᠠ ᠦᠭᠡᠷᠡᠴᠢᠯᠡᠯᠲᠡ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠡᠷ᠂ 9 ᠰᠠᠷ ᠠ ᠶᠢᠨ 29 ᠤ ᠡᠳᠦᠷ ᠡᠴᠡ ᠡᠬᠢᠯᠡᠨ ᠤᠯᠤᠰ ᠤᠨ ᠳᠤᠲᠤᠭᠠᠲᠤ ᠶᠢᠨ ᠪᠤᠯᠪᠠᠰᠤᠷᠠᠭᠤᠯᠤᠭᠰᠠᠨ ᠲᠤᠰᠤᠨ ᠤ ᠦᠨ᠎ᠠ ᠳᠤ ᠲᠤᠬᠢᠷᠠᠭᠤᠯᠤᠯᠲᠠ ᠬᠢᠭ᠍ᠰᠡᠨ ᠡᠴᠡ ᠨᠠᠰᠢ᠂ ᠳᠡᠯᠡᠬᠡᠢ ᠶᠢᠨ ᠵᠠᠬ᠎ᠠ ᠵᠡᠭᠡᠯᠢ ᠶᠢᠨ ᠲᠤᠰᠤᠨ ᠤ ᠦᠨ᠎ᠠ ᠪᠠᠭ᠎ᠠ ᠬᠡᠯᠪᠡᠯᠵᠡᠯᠲᠠ ᠲᠠᠢ᠃ ᠤᠳᠤᠬᠢ ᠤᠯᠤᠰ ᠤᠨ ᠲᠤᠳᠤᠭᠠᠲᠤᠬᠢ ᠪᠤᠯᠪᠠᠰᠤᠷᠠᠭᠤᠯᠤᠭᠰᠠᠨ ᠲᠤᠰᠤᠨ ᠤ ᠦᠨ᠎ᠠ ᠶᠢᠨ ᠲᠤᠭᠲᠠᠯᠴᠠᠭ᠎ᠠ ᠡᠴᠡ ᠠᠪᠴᠤ ᠦᠵᠡᠪᠡᠯ᠂ 10 ᠰᠠᠷ᠎ᠠ ᠶᠢᠨ 19 ᠤ ᠡᠳᠦᠷ ᠡᠴᠡ ᠡᠮᠦᠨᠡᠬᠢ ᠠᠷᠪᠠᠨ ᠠᠵᠢᠯᠯᠠᠬᠤ ᠡᠳᠦᠷ ᠤᠨ ᠳᠤᠮᠳᠠᠴᠢ ᠦᠨ᠎ᠠ ᠶᠢ 9 ᠰᠠᠷ᠎ᠠ ᠶᠢᠨ 29 ᠤ ᠡᠳᠦᠷ ᠤᠨ ᠡᠮᠦᠨᠡᠬᠢ ᠠᠷᠪᠠᠨ ᠠᠵᠢᠯᠯᠠᠬᠤ ᠡᠳᠦᠷ ᠤᠨ ᠳᠤᠮᠳᠠᠴᠢ ᠦᠨ᠎ᠠ ᠲᠠᠢ ᠬᠠᠷᠢᠴᠠᠭᠤᠯᠪᠠᠯ ᠲᠤᠬᠢᠷᠠᠭᠤᠯᠬᠤ ᠦᠨ᠎ᠠ ᠨᠢ ᠲᠤᠨ ᠪᠦᠷᠢ ᠳᠤ ᠪᠡᠨ 50 ᠲᠦᠬᠦᠷᠢᠭ᠌ ᠬᠦᠷᠬᠦ ᠦᠭᠡᠢ ᠪᠠᠶᠢᠨ᠎ᠠ᠃ ᠲᠤᠭᠲᠠᠭᠠᠯ ᠢ ᠦᠨᠳᠦᠰᠦᠯᠡᠪᠡᠯ᠂ ᠲᠤᠰ ᠤᠳᠠᠭ᠎ᠠ ᠴᠢᠶ᠊ᠢᠤ ᠴᠠᠶᠢᠶ᠊ᠢᠤ ᠶᠢᠨ ᠦᠨ᠎ᠡ ᠳᠤ ᠲᠤᠬᠢᠷᠠᠭᠤᠯᠤᠯᠲᠠ ᠬᠢᠬᠦ ᠦᠭᠡᠢ᠃

    ᠲᠤᠰ ᠬᠠᠷᠢᠭᠤᠴᠠᠯᠭᠠᠲᠠᠨ ᠪᠠᠰᠠ᠂ ᠪᠤᠯᠪᠠᠰᠤᠷᠠᠭᠤᠯᠤᠭᠰᠠᠨ ᠲᠤᠰᠤᠨ ᠤ ᠦᠨ᠎ᠠ ᠪᠦᠷᠢᠯᠳᠦᠬᠦ ᠲᠤᠭᠲᠠᠯᠴᠠᠭ᠎ᠠ ᠶᠢᠨ ᠠᠵᠢᠯᠯᠠᠭᠠᠨ ᠤ ᠪᠠᠶᠢᠳᠠᠯ ᠢ ᠴᠢᠩᠭ᠋᠎ᠠ ᠮᠦᠷᠳᠡᠵᠤ᠂ ᠤᠯᠤᠰ ᠤᠨ ᠳᠤᠲᠤᠭᠠᠲᠤ ᠭᠠᠳᠠᠭᠠᠲᠤ ᠶᠢᠨ ᠭᠠᠵᠠᠷ ᠤᠨ ᠲᠤᠰᠤᠨ ᠤ ᠵᠠᠬ᠎ᠠ ᠵᠡᠭᠡᠯᠢ ᠶᠢᠨ ᠪᠠᠶᠢᠳᠠᠯ ᠤᠨ ᠬᠤᠪᠢᠷᠠᠯᠲᠠ ᠲᠠᠢ ᠤᠶᠠᠯᠳᠤᠭᠤᠯᠤᠨ ᠤᠯᠠᠮ ᠴᠢᠨᠠᠬᠰᠢᠳᠠ ᠰᠤᠳᠤᠯᠤᠨ ᠲᠡᠭᠦᠯᠳᠡᠷᠵᠢᠭᠦᠯᠦᠨ᠎ᠠ ᠭᠡᠯ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121830835