蒙古文网站Logo
ᠰᠢᠨᠬᠤᠸᠠ ᠮᠤᠩᠭ᠋ᠤᠯ ᠨᠧᠲ

ᠲᠦᠷᠦᠭᠦᠦ 9 ᠰᠠᠷ᠎ᠠ ᠳᠤ ᠮᠠᠰᠢᠨ ᠲᠡᠷᠭᠡᠨ ᠤ ᠦᠢᠯᠡᠳᠪᠦᠷᠢᠯᠡᠯ ᠪᠤᠷᠤᠯᠠᠭᠤᠯᠤᠯᠭ᠎ᠠ ᠴᠦᠮ 2000 ᠲᠦᠮᠡ ᠶᠢ ᠳᠠᠪᠠᠪᠠ

2017-10-21 13:44

    ᠦᠨᠦ ᠵᠢᠯ ᠤᠨ 1 ᠡᠴᠡ 9 ᠰᠠᠷ᠎ᠠ ᠳᠤ᠂ ᠮᠠᠨ ᠤ ᠤᠯᠤᠰ ᠤᠨ ᠮᠠᠰᠢᠨ ᠲᠡᠷᠭᠡᠨ ᠤ ᠦᠢᠯᠡᠳᠪᠦᠷᠢᠯᠡᠯ ᠪᠤᠷᠤᠯᠠᠭᠤᠯᠤᠯᠭ᠎ᠠ ᠲᠤᠰ ᠪᠦᠷᠢ 2034.9 ᠲᠦᠮᠡ ᠪᠤᠯᠤᠨ 2022.5 ᠲᠦᠮᠡ ᠶᠢ ᠳᠠᠪᠠᠪᠠ᠂ ᠡᠨᠡ ᠨᠢ ᠦᠩᠭᠡᠷᠡᠭᠰᠡᠨ ᠤᠨ ᠤ ᠮᠦᠨ ᠦᠶ᠎ᠠ ᠡᠴᠡ 4.8% ᠪᠤᠯᠤᠨ 4.5% ᠪᠡᠷ ᠨᠡᠮᠡᠭᠳᠡᠵᠠᠢ᠃ ᠠᠵᠤ ᠦᠢᠯᠡᠳᠪᠦᠷᠢᠵᠢᠯᠲᠠ ᠪᠤᠯᠤᠨ ᠰᠤᠷᠠᠭ ᠵᠠᠩᠭᠢᠵᠢᠯᠲᠠ ᠶᠢᠨ ᠶᠠᠮᠤᠨ ᠦᠴᠦᠭᠡᠳᠦᠷ《2017 ᠤᠨ ᠤ 9 ᠰᠠᠷ᠎ᠠ ᠶᠢᠨ ᠮᠠᠰᠢᠨ ᠲᠡᠷᠭᠡᠨ ᠤ ᠠᠵᠤ ᠦᠢᠯᠡᠳᠪᠦᠷᠢᠵᠢᠯᠲᠠ ᠶᠢᠨ ᠡᠳ᠋ ᠤᠨ ᠵᠠᠰᠠᠭ ᠤᠨ ᠡᠵᠡᠩᠨᠡᠯᠲᠡ ᠶᠢᠨ ᠪᠠᠶᠢᠳᠠᠯ》 ᠢ᠋ ᠨᠡᠶᠢᠲᠠᠯᠠᠪᠠ᠂ ᠤᠳᠤᠬᠠᠨ ᠳᠤ᠂ ᠮᠠᠨ ᠤ ᠤᠯᠤᠰ ᠤᠨ ᠮᠠᠰᠢᠨ ᠲᠡᠷᠭᠡᠨ ᠤ ᠦᠢᠯᠡᠳᠪᠦᠷᠢᠯᠡᠯ ᠪᠤᠷᠤᠯᠠᠭᠤᠯᠤᠯᠭ᠎ᠠ ᠨᠡᠮᠡᠭᠳᠡᠬᠦ ᠬᠠᠨᠳᠤᠰᠢ ᠲᠠᠢ᠂ ᠡᠭᠦᠨ ᠳᠤ 9 ᠰᠠᠷ᠎ᠠ ᠶᠢᠨ ᠦᠩᠭᠡᠷᠡᠭᠰᠡᠨ ᠡᠭᠡᠯᠵᠢ ᠶᠢᠨ ᠨᠡᠮᠡᠭᠳᠡᠴᠡ 8 ᠰᠠᠷ᠎ᠠ ᠶᠢᠨ ᠬᠢ ᠡᠴᠡ ᠮᠡᠳᠡᠭᠳᠡᠮ᠎ᠠ ᠦᠨᠳᠦᠷ ᠪᠠᠶᠢᠨ᠎ᠠ᠃

    ᠤᠳᠤᠬᠠᠨ ᠤ ᠳᠤᠮᠳᠠᠳᠤ ᠶᠢᠨ ᠲᠡᠮᠳᠡᠭᠲᠤ ᠰᠠᠭᠤᠳᠠᠯ ᠤᠨ ᠮᠠᠰᠢᠨ ᠲᠡᠷᠭᠡᠨ ᠤ ᠵᠠᠬ᠎ᠠ ᠵᠡᠭᠡᠯᠢ ᠲᠤᠭᠲᠠᠭᠤᠨ ᠦᠰᠦᠯᠲᠠ ᠲᠠᠢ᠃ ᠠᠵᠤ ᠦᠢᠯᠡᠳᠪᠦᠷᠢᠵᠢᠯᠲᠠ ᠪᠤᠯᠤᠨ ᠰᠤᠷᠠᠭ ᠵᠠᠩᠭᠢᠵᠢᠯᠲᠠ ᠶᠢᠨ ᠶᠠᠮᠤᠨ ᠤ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠵᠠᠬᠢᠷᠬᠤ ᠲᠠᠯ᠎ᠠ ᠪᠠᠷ ᠲᠠᠨᠢᠯᠴᠠᠭᠤᠯᠤᠭᠰᠠᠨ ᠨᠢ᠂ ᠡᠨᠡᠬᠦ ᠬᠤᠭᠤᠴᠠᠭᠠᠨ ᠳᠤ ᠳᠤᠮᠳᠠᠳᠤ ᠶᠢᠨ ᠲᠡᠮᠳᠡᠭᠳᠤ ᠰᠠᠭᠤᠳᠠᠯ ᠤᠨ ᠮᠠᠰᠢᠨ ᠲᠡᠷᠭᠡ ᠨᠡᠶᠢᠲᠡ 735.52 ᠲᠦᠮᠡ ᠪᠤᠷᠤᠯᠠᠭᠤᠯᠤᠭᠳᠠᠵᠤ᠂ ᠦᠩᠭᠡᠷᠡᠭᠰᠡᠨ ᠤᠨ ᠤ ᠮᠦᠨ ᠦᠶ᠎ᠠ ᠡᠴᠡ 4.01% ᠪᠡᠷ ᠨᠡᠮᠡᠭᠳᠡᠵᠤ ᠰᠠᠭᠤᠳᠠᠯ ᠤᠨ ᠮᠠᠰᠢᠨ ᠲᠡᠷᠭᠡᠨ ᠤ ᠪᠤᠷᠤᠯᠠᠭᠤᠯᠭ᠎ᠠ ᠶᠢᠨ ᠶᠡᠷᠦᠩᠬᠡᠢ ᠬᠡᠮᠵᠢᠶᠠᠨ ᠤ 42.89% ᠶ᠋ᠢ ᠡᠵᠡᠯᠡᠵᠠᠢ᠃ ᠡᠵᠡᠯᠡᠬᠦ ᠨᠤᠷᠮ᠎ᠠ ᠦᠩᠭᠡᠷᠡᠭᠰᠡᠨ ᠤᠨ ᠤ ᠮᠦᠨ ᠦᠶ᠎ᠠ ᠡᠴᠡ ᠵᠠᠭᠤᠨ ᠤ ᠬᠠᠷᠢᠴᠠᠯ ᠢᠶᠡᠷ 0.67 ᠪᠡᠷ ᠨᠡᠮᠡᠭᠳᠡᠪᠠ᠃ ᠡᠭᠦᠨ ᠳᠤ᠂ ᠵᠢᠵᠢᠭ᠌ ᠮᠠᠰᠢᠨ ᠲᠡᠷᠭᠡᠨ ᠤ ᠪᠤᠷᠤᠯᠠᠭᠤᠯᠭ᠎ᠠ 159.16 ᠲᠦᠮᠡ ᠳᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 1.2% ᠢ᠋ᠶᠡᠷ ᠨᠡᠮᠡᠭᠳᠡᠨ᠂ ᠵᠠᠬ᠎ᠠ ᠵᠡᠬᠡᠯᠢ ᠶᠢᠨ ᠡᠵᠡᠯᠡᠬᠦ ᠨᠤᠷᠮ᠎ᠠ 19.13% ᠳ᠋ᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ ᠵᠠᠭᠤᠨ ᠤ ᠬᠠᠷᠢᠴᠠᠯ ᠢᠶᠡᠷ 0.5 ᠪᠡᠷ ᠨᠡᠮᠡᠭᠳᠠᠵᠠᠢ᠃ SUV ᠤ᠋ᠨ ᠪᠤᠷᠤᠯᠠᠭᠤᠯᠭ᠎ᠠ 413.21 ᠲᠦᠮᠡ ᠳᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 22.5% ᠢ᠋ᠶᠡᠷ ᠨᠡᠮᠡᠭᠳᠡᠨ᠂ ᠵᠠᠬ᠎ᠠ ᠵᠡᠬᠡᠯᠢ ᠶᠢᠨ ᠡᠵᠡᠯᠡᠬᠦ ᠨᠤᠷᠮ᠎ᠠ 59.4% ᠳ᠋ᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ ᠵᠠᠭᠤᠨ ᠤ ᠬᠠᠷᠢᠴᠠᠯ ᠢᠶᠡᠷ 3.1 ᠪᠡᠷ ᠨᠡᠮᠡᠭᠳᠡᠭᠰᠡᠨ ᠪᠠᠶᠢᠨ᠎ᠠ᠃

    ᠰᠢᠨ᠎ᠠ ᠡᠷᠴᠢᠮ ᠬᠦᠴᠦᠨ ᠤ ᠮᠠᠰᠢᠨ ᠲᠡᠷᠭᠡ ᠪᠤᠷᠤᠯᠠᠭᠤᠯᠭ᠎ᠠ ᠪᠡᠷ ᠬᠠᠮᠤᠭ ᠤᠨ ᠬᠦᠭ᠍ᠵᠢᠶᠡᠨᠲᠠᠢ ᠪᠠᠶᠢᠯ᠎ᠠ᠃ ᠦᠨᠦ ᠵᠢᠯ ᠤᠨ 1 ᠡᠴᠡ 9 ᠰᠠᠷ᠎ᠠ ᠳᠤ᠂ ᠮᠠᠨ ᠤ ᠤᠯᠤᠰ ᠤᠨ ᠰᠢᠨ᠎ᠠ ᠡᠷᠴᠢᠮ ᠬᠦᠴᠦᠨ ᠤ ᠮᠠᠰᠢᠨ ᠲᠡᠷᠭᠡᠨ ᠤ ᠦᠢᠯᠡᠳᠪᠦᠷᠢᠯᠡᠯ ᠪᠤᠷᠤᠯᠠᠭᠤᠯᠭ᠎ᠠ ᠲᠤᠰ ᠪᠦᠷᠢ 42.4 ᠲᠦᠮᠡ ᠪᠤᠯᠤᠨ 39.8 ᠲᠦᠮᠡ ᠶᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ ᠲᠤᠰ ᠪᠦᠷᠢ 40.2% ᠪᠤᠯᠤᠨ 37.7% ᠪᠡᠷ ᠨᠡᠮᠡᠭᠳᠠᠵᠠᠢ᠃

ᠢᠷᠡᠯᠳᠡ᠄ ᠪᠡᠭᠡᠵᠢᠩ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121835344