蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠲᠦᠷᠦᠭᠦᠦ 3 ᠤᠯᠠᠷᠢᠯ ᠤᠨ ᠨᠡᠭᠦᠷᠡᠰᠦᠨ ᠤ ᠦᠨ᠎ᠠ ᠦᠩᠭᠡᠷᠡᠭᠰᠡᠨ ᠤᠨ ᠤ ᠮᠦᠨ ᠦᠶ᠎ᠠ ᠡᠴᠡ 5 ᠳᠠᠬᠢᠨ ᠢᠶᠡᠷ ᠨᠡᠮᠡᠭᠳᠡᠪᠠ

2017-10-23 11:21

    ᠰᠢᠨᠬᠤᠸᠠ ᠬᠤᠷᠢᠶ᠎ᠠ   ᠬᠦᠬᠡᠬᠤᠲᠠ ᠶᠢᠨ 10 ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠳ᠋ᠦᠩ ᠯᠦ) ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠭ᠍ᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠦᠨ᠎ᠠ ᠬᠠᠩᠰᠢ ᠢᠢ ᠬᠢᠨᠠᠨ ᠬᠡᠮᠵᠢᠬᠦ ᠲᠦᠪ ᠡᠴᠡ ᠤᠶᠢᠯᠠᠭᠠᠭᠰᠠᠨ ᠢᠶᠡᠷ᠂ ᠦᠨᠦ ᠵᠢᠯ ᠤᠨ ᠲᠦᠷᠦᠭᠦᠦ 3 ᠤᠯᠠᠷᠢᠯ ᠳᠤ ᠦᠢᠯᠡᠳᠪᠦᠷᠢᠯᠡᠯ ᠤᠨ ᠴᠢᠳᠠᠪᠬᠢ ᠶᠢᠨ ᠬᠠᠩᠭ᠋ᠠᠯᠭ᠎ᠠ ᠪᠤᠯᠤᠨ ᠬᠡᠷᠡᠭᠴᠡᠭᠡᠨ ᠤ ᠨᠡᠮᠡᠭᠳᠡᠯ ᠤᠨ ᠦᠰᠦᠯᠲᠡ ᠠᠳᠠᠯᠢ ᠦᠭᠡᠢ ᠡᠴᠡ ᠪᠤᠯᠵᠤ ᠦᠪᠦᠷ ᠮᠣᠩᠭᠣᠯ ᠤᠨ ᠨᠡᠭᠦᠷᠡᠰᠦᠨ ᠤ ᠦᠨ᠎ᠠ ᠬᠠᠩᠰᠢ ᠬᠡᠯᠪᠡᠯᠵᠠᠯᠲᠠ ᠲᠠᠢ ᠪᠤᠯᠪᠠ᠃ ᠤᠷᠤᠨ ᠳᠠᠶᠠᠭᠠᠷ ᠤᠨ ᠰᠢᠲᠠᠭᠠᠯᠭ᠎ᠠ ᠶᠢᠨ ᠨᠡᠭᠦᠷᠡᠰᠦᠨ ᠤ ᠠᠭᠤᠷᠬᠠᠢ ᠡᠴᠡ ᠭᠠᠷᠭᠠᠭᠰᠠᠨ ᠳᠤᠮᠳᠠᠴᠢ ᠦᠨ᠎ᠠ ᠲᠤᠨ ᠪᠦᠷᠢ ᠳᠤ ᠪᠡᠨ 202.58 ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎᠎ᠡ ᠡᠴᠡ 51.60% ᠢ᠋᠋ᠶᠡᠷ ᠨᠡᠮᠡᠭᠳᠡᠪᠡ᠃

    ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠡᠷ᠂ ᠦᠨᠦ ᠵᠢᠯ ᠤᠨ 1 ᠡᠴᠡ 9 ᠰᠠᠷ᠎ᠠ ᠪᠤᠯᠲᠠᠯ᠎ᠠ᠂ ᠦᠪᠦᠷ ᠮᠣᠩᠭᠣᠯ ᠤᠨ ᠨᠡᠭᠦᠷᠡᠰᠦᠨ ᠤ ᠦᠨ᠎ᠠ ᠬᠠᠩᠰᠢ ᠶᠢᠨ ᠦᠰᠦᠯᠲᠠ ᠪᠠᠭᠤᠷᠠᠯᠲᠠ《N》ᠬᠡᠯᠪᠡᠷᠢ ᠶᠢᠨ ᠪᠠᠶᠢᠳᠠᠯ ᠲᠠᠢ ᠪᠤᠯᠪᠠᠴᠤ ᠰᠠᠷ᠎ᠠ ᠶᠢᠨ ᠦᠩᠭᠡᠷᠡᠭᠰᠡᠨ ᠡᠭᠡᠯᠵᠢ ᠶᠢᠨ ᠦᠰᠦᠯᠲᠠ ᠪᠠᠭᠤᠷᠠᠯᠲᠠ ᠶᠢᠨ ᠬᠡᠮᠵᠢᠶ᠎ᠠ ᠬᠠᠷᠢᠴᠠᠩᠭᠤᠢ ᠲᠤᠭᠲᠠᠭᠤᠨ ᠪᠠᠶᠢᠯ᠎ᠠ᠃ 1 ᠡᠴᠡ 4 ᠰᠠᠷ᠎ᠠ ᠳᠤ᠂ ᠬᠡᠷᠡᠭ᠍ᠯᠡᠭ᠍ᠴᠢᠳ ᠤᠨ ᠬᠡᠷᠡᠭᠴᠡᠭᠡ ᠶᠡᠬᠡ᠂ ᠪᠤᠭᠤᠮᠲᠠ ᠶᠢᠨ ᠨᠦᠬᠡᠴᠡ ᠪᠠᠭ᠎ᠠ ᠵᠡᠷᠭᠡ ᠰᠢᠯᠲᠠᠭᠠᠨ ᠡᠴᠡ ᠪᠤᠯᠵᠤ ᠨᠡᠭᠦᠷᠡᠰᠦᠨ ᠤ ᠦᠨ᠎ᠠ ᠬᠠᠩᠰᠢ ᠨᠢᠳᠤᠨᠤᠨ ᠤ ᠵᠢᠯ ᠤᠨ ᠡᠴᠤᠰ ᠡᠴᠡ ᠡᠬᠢᠯᠡᠨ ᠪᠠᠭ᠎ᠠ ᠬᠡᠮᠵᠢᠶ᠎ᠠ ᠪᠡᠷ ᠦᠰᠪᠠ᠃ 5᠂ 6 ᠰᠠᠷ᠎ᠠ ᠳᠤ ᠬᠦᠭ᠍ᠵᠢᠭᠡᠨ ᠦᠭᠡᠢ ᠤᠯᠠᠷᠢᠯ ᠬᠦᠷᠴᠤ᠂ ᠨᠡᠭᠦᠷᠡᠰᠦᠨ ᠤ ᠭᠠᠷᠤᠯᠲᠠ ᠨᠡᠮᠡᠭᠳᠡᠭᠰᠡᠨ ᠢᠶᠡᠷ ᠨᠡᠭᠦᠷᠡᠰᠦᠨ ᠤ ᠦᠨ᠎ᠠ ᠡᠷᠭᠢᠯᠲᠠ ᠶᠢᠨ ᠪᠠᠶᠢᠳᠠᠯ ᠲᠠᠢ ᠪᠤᠯᠵᠤ᠂ 7 ᠡᠴᠡ 9 ᠰᠠᠷ᠎ᠠ ᠳᠤ ᠬᠠᠩᠭ᠋ᠠᠯᠭ᠎ᠠ ᠬᠡᠷᠡᠭᠴᠡᠭᠡᠨ ᠤ ᠪᠠᠶᠢᠳᠠᠯ ᠪᠠᠴᠢᠮ ᠪᠤᠯᠤᠭᠰᠠᠨ ᠢᠶᠡᠷ ᠨᠡᠭᠦᠷᠡᠰᠦᠨ ᠤ ᠦᠨ᠎ᠠ ᠦᠷᠭᠦᠯᠵᠢᠯᠡᠨ ᠦᠰᠴᠠᠢ᠃

    ᠲᠤᠭ᠎ᠠ ᠪᠦᠷᠢᠳᠭᠡᠯ ᠳᠤ ᠢᠯᠡᠷᠡᠭᠰᠡᠨ ᠢᠶᠡᠷ᠂ ᠦᠨᠦ ᠵᠢᠯ ᠤᠨ 9 ᠰᠠᠷ᠎ᠠ ᠪᠤᠯᠲᠠᠯ᠎ᠠ᠂ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠠᠭᠤᠷᠬᠠᠢ ᠡᠴᠡ ᠭᠠᠷᠭᠠᠭᠰᠠᠨ ᠳᠤᠮᠳᠠᠴᠢ ᠦᠨ᠎ᠠ ᠲᠤᠨ ᠪᠦᠷᠢ ᠳᠤ ᠪᠡᠨ 208.49 ᠲᠦᠬᠦᠷᠢᠭ᠌ ᠲᠤ ᠬᠦᠷᠴᠤ᠂ ᠵᠢᠯ ᠤᠨ ᠡᠬᠢᠨ ᠡᠴᠡ 4.70% ᠢ᠋᠋ᠶᠡᠷ ᠨᠡᠮᠡᠭᠳᠡᠭᠰᠡᠨ ᠪᠠᠶᠢᠨ᠎ᠠ᠃

    ᠠᠳᠠᠯᠢ ᠬᠤᠭᠤᠴᠠᠭᠠᠨ ᠳᠤ᠂ ᠦᠪᠦᠷ ᠮᠣᠩᠭᠣᠯ ᠤᠨ ᠴᠠᠬᠢᠯᠭᠠᠨ ᠭᠠᠷᠭᠠᠬᠤ ᠨᠡᠭᠦᠷᠡᠰᠦ ᠶᠢ ᠬᠤᠳᠠᠯᠳᠤᠨ ᠤᠷᠤᠭᠤᠯᠬᠤ ᠦᠨ᠎ᠠ ᠦᠷᠭᠦᠯᠵᠢᠯᠡᠨ ᠦᠰᠴᠤ᠂ ᠳᠤᠮᠳᠠᠴᠢ ᠪᠡᠷ ᠲᠤᠨ ᠪᠦᠷᠢ ᠳᠤ ᠪᠡᠨ 200.66 ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 50.12% ᠢ᠋᠋ᠶᠡᠷ ᠨᠡᠮᠡᠭᠳᠡᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121842298