蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠭᠤᠷᠪᠠᠨ ᠤᠯᠠᠷᠢᠯ ᠳᠤ ᠦᠪᠦᠷ ᠮᠣᠩᠭᠣᠯ ᠤᠨ ᠭᠠᠳᠠᠭᠠᠲᠤ ᠠᠷᠠᠯᠵᠢᠶᠠᠨ ᠤ ᠡᠺᠰᠫᠤᠷᠲ᠋ᠯᠠᠵᠤ ᠢᠮᠫᠤᠷᠲ᠋ᠯᠠᠭᠰᠠᠨ ᠶᠡᠷᠦᠩᠬᠡᠢ ᠦᠷᠲᠡᠭ 717.5 ᠳ᠋ᠦᠩᠰᠢᠭᠤᠷ ᠲᠦᠬᠦᠷᠢᠭ᠌ ᠲᠤ ᠬᠦᠷᠪᠠ

2017-10-24 18:29

    ᠰᠤᠷᠪᠤᠯᠵᠢᠯᠠᠭᠴᠢ ᠬᠦᠬᠡᠬᠤᠲᠠ ᠶᠢᠨ ᠪᠤᠭᠤᠮᠲᠠ ᠡᠴᠡ ᠤᠶᠢᠯᠠᠭᠠᠭᠰᠠᠨ ᠢᠶᠡᠷ᠂ ᠦᠨᠦ ᠵᠢᠯ ᠤᠨ 1 ᠡᠴᠡ 9 ᠰᠠᠷ᠎ᠠ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠪᠠᠷᠠᠭ᠎ᠠ ᠪᠦᠳᠦᠬᠡᠭ᠍ᠳᠡᠬᠦᠨ ᠡᠺᠰᠫᠤᠷᠲ᠋ᠯᠠᠵᠤ ᠢᠮᠫᠤᠷᠲ᠋ᠯᠠᠭᠰᠠᠨ ᠶᠡᠷᠦᠩᠬᠡᠢ ᠦᠷᠲᠡᠭ 717.5 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 29.1% ᠪᠡᠷ ᠨᠡᠮᠡᠭᠳᠡᠪᠡ᠃ ᠡᠭᠦᠨ ᠳᠤ᠂ 254.9 ᠳ᠋ᠦᠩᠰᠢᠭᠤᠷ ᠲᠦᠬᠦᠷᠢᠭ᠌ ᠤᠨ ᠪᠦᠳᠦᠬᠡᠭ᠍ᠳᠡᠬᠦᠨ ᠡᠺᠰᠫᠤᠷᠲ᠋ᠯᠠᠵᠤ᠂ ᠦᠩᠭᠡᠷᠡᠭᠰᠡᠨ ᠤᠨ ᠤ ᠮᠦᠨ ᠦᠶ᠎ᠠ ᠡᠴᠡ 20.7% ᠪᠡᠷ ᠦᠰᠪᠠ᠃ 462.6 ᠳ᠋ᠦᠩᠰᠢᠭᠤᠷ ᠲᠦᠬᠦᠷᠢᠭ᠌ ᠤᠨ ᠪᠦᠳᠦᠬᠡᠭ᠍ᠳᠡᠬᠦᠨ ᠢᠮᠫᠤᠷᠲ᠋ᠯᠠᠵᠤ᠂ ᠦᠩᠭᠡᠷᠡᠭᠰᠡᠨ ᠤᠨ ᠤ ᠮᠦᠨ ᠦᠶ᠎ᠡ᠎ ᠡᠴᠡ 34.3% ᠪᠡᠷ ᠦᠰᠴᠠᠢ᠃

    ᠵᠠᠳᠠᠯᠤᠭᠰᠠᠨ ᠢᠶᠡᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠭᠠᠳᠠᠭᠠᠲᠤ ᠠᠷᠠᠯᠵᠢᠶ᠎ᠠ ᠭᠤᠤᠯᠳᠠᠭᠤ ᠡᠬᠢ ᠪᠠᠶᠠᠯᠢᠭ ᠤᠨ ᠴᠢᠨᠠᠷᠲᠠᠢ ᠲᠠᠸᠠᠷ ᠢᠮᠫᠤᠷᠲ᠋ᠯᠠᠬᠤ ᠪᠡᠷ ᠭᠤᠤᠯᠯᠠᠵᠤ ᠪᠤᠢ᠃ ᠦᠨᠦ ᠵᠢᠯ ᠡᠴᠡ ᠨᠠᠰᠢ ᠦᠪᠦᠷ ᠮᠣᠩᠭᠣᠯ ᠨᠡᠭᠦᠷᠡᠰᠦ᠂ ᠵᠠᠰ ᠵᠡᠷᠭᠡ ᠲᠠᠸᠠᠷ ᠢ ᠢᠮᠫᠤᠷᠲ᠋ᠯᠠᠬᠤ ᠬᠡᠮᠵᠢᠶ᠎ᠠ  ᠨᠡᠮᠡᠭᠳᠡᠵᠤ ᠦᠨ᠎ᠠ ᠬᠠᠩᠰᠢ ᠨᠢ ᠦᠰᠬᠦ ᠶᠢ ᠳᠠᠭᠠᠯᠲᠤᠨ ᠦᠪᠦᠷ ᠮᠣᠩᠭᠣᠯ ᠤᠨ ᠭᠠᠳᠠᠭᠠᠲᠤ ᠠᠷᠠᠯᠵᠢᠶᠠᠨ ᠤ ᠡᠺᠰᠫᠤᠷᠲ᠋ᠯᠠᠵᠤ ᠢᠮᠫᠤᠷᠲ᠋ᠯᠠᠬᠤ ᠬᠡᠮᠵᠢᠶ᠎ᠠ ᠴᠤ ᠨᠡᠮᠡᠭᠳᠡᠪᠠ᠃ 1-9 ᠰᠠᠷ᠎ᠠ ᠳᠤ᠂ ᠬᠤᠪᠢ ᠶᠢᠨ ᠠᠵᠤ ᠠᠬᠤᠶᠢᠯᠠᠯ 547 ᠳ᠋ᠦᠩᠰᠢᠭᠤᠷ ᠲᠦᠬᠦᠷᠢᠭ᠌ ᠡᠺᠰᠫᠤᠷᠲ᠋ᠯᠠᠵᠤ ᠢᠮᠫᠤᠷᠲ᠋ᠯᠠᠨ᠂ ᠦᠩᠭᠡᠷᠡᠭᠰᠡᠨ ᠤᠨ ᠤ ᠮᠦᠨ ᠦᠶ᠎ᠠ ᠡᠴᠡ 41.4% ᠪᠡᠷ ᠨᠡᠮᠡᠭᠳᠡᠵᠤ᠂ ᠦᠪᠦᠷ ᠮᠣᠩᠭᠣᠯ ᠤᠨ ᠡᠺᠰᠫᠤᠷᠲ᠋ᠯᠠᠵᠤ ᠢᠮᠫᠤᠷᠲ᠋ᠯᠠᠬᠤ ᠭᠤᠤᠯ ᠬᠦᠴᠦᠨ ᠪᠤᠯᠪᠠ᠃ ᠤᠯᠤᠰ ᠤᠨ ᠦᠮᠴᠢᠯᠡᠯᠲᠤ ᠠᠵᠤ ᠠᠬᠤᠶᠢᠯᠠᠯ 113.8 ᠳ᠋ᠦᠩᠰᠢᠭᠤᠷ ᠲᠦᠬᠦᠷᠢᠭ᠌ ᠡᠺᠰᠫᠤᠷᠲ᠋ᠯᠠᠵᠤ ᠢᠮᠫᠤᠷᠲ᠋ᠯᠠᠨ᠂ ᠦᠩᠭᠡᠷᠡᠭᠰᠡᠨ ᠤᠨ ᠤ ᠮᠦᠨ ᠦᠶ᠎ᠠ ᠡᠴᠡ 5.5% ᠪᠡᠷ ᠪᠠᠭᠤᠷᠠᠪᠠ᠃ ᠡᠭᠦᠨ ᠡᠴᠡ ᠭᠠᠳᠠᠨ᠎ᠠ᠂ ᠭᠠᠳᠠᠭᠠᠲᠤ ᠶᠢᠨ ᠬᠤᠳᠠᠯᠳᠤᠭᠠᠴᠢᠨ ᠤ ᠬᠦᠷᠦᠩᠭᠡ ᠤᠷᠤᠭᠤᠯᠤᠯᠲᠠ ᠲᠠᠢ ᠠᠵᠤ ᠠᠬᠤᠶᠢᠯᠠᠯ 54.6 ᠳ᠋ᠦᠩᠰᠢᠭᠤᠷ ᠲᠦᠬᠦᠷᠢᠭ᠌ ᠡᠺᠰᠫᠤᠷᠲ᠋ᠯᠠᠵᠤ ᠢᠮᠫᠤᠷᠲ᠋ᠯᠠᠨ᠂ ᠦᠩᠭᠡᠷᠡᠭᠰᠡᠨ ᠤᠨ ᠤ ᠮᠦᠨ ᠦᠶ᠎ᠠ ᠡᠴᠡ 13.7% ᠪᠡᠷ ᠨᠡᠮᠡᠭᠳᠡᠵᠠᠢ᠃ ᠮᠣᠩᠭᠣᠯ ᠪᠤᠯᠤᠨ ᠤᠷᠤᠰ ᠪᠤᠯ ᠤᠳᠤᠬᠠᠨ ᠤ ᠬᠠᠮᠤᠭ ᠤᠨ ᠲᠤᠮᠤ ᠭᠠᠳᠠᠭᠠᠲᠤ ᠠᠷᠠᠯᠵᠢᠶᠠᠨ ᠤ ᠲᠦᠩᠰᠢᠯᠡᠯ ᠤᠨ ᠬᠠᠷᠢᠯᠴᠠᠭ᠎᠎ᠠ ᠲᠠᠢ ᠤᠯᠤᠰ ᠮᠦᠨ᠃ ᠡᠭᠦᠨ ᠳᠤ᠂ ᠮᠣᠩᠭᠣᠯ ᠤᠯᠤᠰ ᠲᠤ 197.6 ᠳ᠋ᠦᠩᠰᠢᠭᠤᠷ ᠲᠦᠬᠦᠷᠢᠭ᠌ ᠡᠺᠰᠫᠤᠷᠲ᠋ᠯᠠᠵᠤ ᠢᠮᠫᠤᠷᠲ᠋ᠯᠠᠨ᠂ ᠦᠩᠭᠡᠷᠡᠭᠰᠡᠨ ᠤᠨ ᠤ ᠮᠦᠨ ᠦᠶ᠎᠎ᠠ ᠡᠴᠡ 50.6% ᠪᠡᠷ ᠨᠡᠮᠡᠭᠳᠡᠵᠠᠢ᠃ ᠤᠷᠤᠰ ᠲᠤ 160.4 ᠳ᠋ᠦᠩᠰᠢᠭᠤᠷ ᠲᠦᠬᠦᠷᠢᠭ᠌ ᠡᠺᠰᠫᠤᠷᠲ᠋ᠯᠠᠵᠤ ᠢᠮᠫᠤᠷᠲ᠋ᠯᠠᠨ᠂ ᠦᠩᠭᠡᠷᠡᠭᠰᠡᠨ ᠤᠨ ᠤ ᠮᠦᠨ ᠦᠶ᠎ᠠ ᠡᠴᠡ 20.5% ᠪᠡᠷ ᠨᠡᠮᠡᠭᠳᠡᠪᠠ᠃ ᠠᠳᠠᠯᠢ ᠬᠤᠭᠤᠴᠠᠭᠠᠨ ᠳᠤ᠂ ᠠᠦ᠋ᠰᠲ᠋ᠷᠠᠯᠢᠶ᠎ᠠ ᠪᠤᠯᠤᠨ ᠠᠩᠭ᠍ᠯᠢ ᠳᠤ ᠡᠺᠰᠫᠤᠷᠲ᠋ᠯᠠᠵᠤ ᠢᠮᠫᠤᠷᠲ᠋ᠯᠠᠭᠰᠠᠨ ᠬᠡᠮᠵᠢᠶ᠎ᠠ ᠳᠠᠬᠢᠨ ᠢᠶᠡᠷ ᠨᠡᠮᠡᠭᠳᠡᠵᠤ᠂ ᠲᠤᠰ ᠪᠦᠷᠢ 26 ᠳ᠋ᠦᠩᠰᠢᠭᠤᠷ ᠲᠦᠬᠦᠷᠢᠭ᠌ ᠪᠤᠯᠤᠨ 15 ᠳ᠋ᠦᠩᠰᠢᠭᠤᠷ ᠲᠦᠬᠦᠷᠢᠭ᠌ ᠪᠤᠯᠪᠠ᠃ ᠮᠠᠰᠢᠨ ᠮᠸᠬᠠᠨᠢᠭ᠂ ᠲᠠᠷᠢᠶᠠᠯᠠᠩ ᠤᠨ ᠪᠦᠲᠦᠭᠡᠭ᠍ᠲᠡᠬᠦᠨ ᠪᠤᠯᠤᠨ ᠨᠡᠬᠡᠮᠡᠯ ᠬᠠᠪᠴᠠᠰᠤ ᠬᠤᠨᠠᠷ ᠡᠺᠰᠫᠤᠷᠲ᠋ᠯᠠᠬᠤ ᠪᠡᠷ ᠭᠤᠤᠯᠯᠠᠵᠤ᠂ ᠲᠤᠰ ᠪᠦᠷᠢ 49.5 ᠳ᠋ᠦᠩᠰᠢᠭᠤᠷ ᠲᠦᠬᠦᠷᠢᠭ᠌ ᠂ 38.4 ᠳ᠋ᠦᠩᠰᠢᠭᠤᠷ ᠲᠦᠬᠦᠷᠢᠭ᠌ ᠪᠤᠯᠤᠨ 16.9 ᠳ᠋ᠦᠩᠰᠢᠭᠤᠷ ᠲᠦᠬᠦᠷᠢᠭ᠌ ᠡᠺᠰᠫᠤᠷᠲ᠋ᠯᠠᠵᠤ ᠢᠮᠫᠤᠷᠲ᠋ᠯᠠᠵᠠᠢ᠃ ᠨᠡᠭᠦᠷᠡᠰᠤ᠂ ᠵᠡᠰ ᠵᠡᠷᠭᠡ ᠡᠬᠢ ᠪᠠᠶᠠᠯᠢᠭ ᠤᠨ ᠴᠢᠨᠠᠷᠲᠠᠢ ᠪᠦᠳᠦᠬᠡᠭ᠍ᠳᠡᠬᠦᠨ ᠢᠮᠫᠤᠷᠲ᠋ᠯᠠᠬᠤ ᠪᠡᠷ ᠭᠤᠤᠯᠯᠠᠵᠤ᠂ ᠲᠤᠰ ᠪᠦᠷᠢ 49.5 ᠳ᠋ᠦᠩᠰᠢᠭᠤᠷ ᠲᠦᠬᠦᠷᠢᠭ᠌᠂ 38.4 ᠳ᠋ᠦᠩᠰᠢᠭᠤᠷ ᠲᠦᠬᠦᠷᠢᠭ᠌ ᠪᠤᠯᠤᠨ 16.9 ᠳ᠋ᠦᠩᠰᠢᠭᠤᠷ ᠲᠦᠬᠦᠷᠢᠭ᠌ ᠡᠺᠰᠫᠤᠷᠲ᠋ᠯᠠᠵᠤ ᠢᠮᠫᠤᠷᠲ᠋ᠯᠠᠭᠰᠠᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121850370