蒙古文网站Logo
ᠰᠢᠨᠬᠤᠸᠠ ᠮᠤᠩᠭ᠋ᠤᠯ ᠨᠧᠲ

2016 ᠤᠨ ᠳᠤ ᠤᠯᠤᠰ ᠤᠨ ᠰᠠᠩᠬᠦᠦ ᠡᠳ᠋ ᠤᠨ ᠵᠠᠰᠠᠭ ᠤᠨ ᠴᠢᠨᠠᠷᠲᠠᠢ ᠰᠤᠷᠭᠠᠨ ᠬᠦᠮᠦᠵᠢᠯ ᠤᠨ ᠵᠠᠷᠤᠳᠠᠯ ᠠᠩᠬ᠎ᠠ ᠤᠳᠠᠭ᠎ᠠ 3 ᠲᠦᠮᠡᠨ ᠳ᠋ᠦᠩᠰᠢᠭᠤᠷ ᠲᠦᠬᠦᠷᠢᠭ᠌ ᠢ ᠲᠠᠪᠠᠪᠠ

2017-10-26 17:45

    ᠰᠢᠨᠬᠤᠸᠠ ᠬᠤᠷᠢᠶ᠎ᠠ   ᠪᠡᠭᠡᠵᠢᠩ ᠤᠨ 10 ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠬᠤ ᠬᠤᠤ) ᠰᠤᠷᠪᠤᠯᠵᠢᠯᠠᠭᠴᠢ 25 ᠤ ᠡᠳᠦᠷ ᠰᠤᠷᠭᠠᠨ ᠬᠦᠮᠦᠵᠢᠯ ᠤᠨ ᠶᠠᠮᠤᠨ ᠡᠴᠡ ᠤᠶᠢᠯᠠᠭᠠᠭᠰᠠᠨ ᠢᠶᠡᠷ᠂ 2016 ᠤᠨ ᠤ ᠤᠯᠤᠰ ᠳᠠᠶᠠᠭᠠᠷ ᠤᠨ ᠰᠤᠷᠭᠠᠨ ᠬᠦᠮᠦᠵᠢᠯ ᠤᠨ ᠵᠠᠷᠤᠳᠠᠯ  ᠢ ᠬᠡᠷᠡᠭᠯᠡᠭᠰᠡᠨ ᠪᠠᠶᠢᠳᠠᠯ ᠤᠨ ᠪᠦᠷᠢᠳᠭᠡᠯ ᠳᠤ ᠢᠯᠡᠷᠡᠭᠰᠡᠨ ᠢᠶᠡᠷ᠂ 2016 ᠤᠨ ᠳᠤ ᠤᠯᠤᠰ ᠳᠠᠶᠠᠭᠠᠷ ᠤᠨ ᠰᠤᠷᠭᠠᠨ ᠬᠦᠮᠦᠵᠢᠯ ᠤᠨ ᠵᠠᠷᠤᠳᠠᠯ ᠳᠤ 38888.39 ᠳ᠋ᠦᠩᠰᠢᠭᠤᠷ ᠲᠦᠬᠦᠷᠢᠭ᠌ ᠤᠨ ᠬᠦᠷᠦᠩᠬᠡ ᠤᠷᠤᠭᠤᠯᠵᠤ᠂ ᠲᠦᠷᠦᠭᠦᠦ ᠵᠢᠯ ᠤᠨ ᠬᠢ ᠡᠴᠡ 7.64% ᠪᠡᠷ ᠦᠰᠪᠡ᠃ ᠤᠯᠤᠰ ᠤᠨ ᠰᠠᠩᠬᠦᠦ ᠡᠳ᠋ ᠤᠨ ᠵᠠᠰᠠᠭ ᠤᠨ ᠴᠢᠨᠠᠷᠲᠠᠢ ᠰᠤᠷᠭᠠᠨ ᠬᠦᠮᠦᠵᠢᠯ ᠤᠨ ᠵᠠᠷᠤᠳᠠᠯ 31396.25 ᠳ᠋ᠦᠩᠰᠢᠭᠤᠷ ᠲᠦᠬᠦᠷᠢᠭ᠌ ᠲᠤ ᠬᠦᠷᠴᠤ᠂ ᠠᠩᠬ᠎ᠠ ᠤᠳᠠᠭ᠎ᠠ 3 ᠲᠦᠮᠡᠨ ᠳ᠋ᠦᠩᠰᠢᠭᠤᠷ ᠲᠦᠬᠦᠷᠢᠭ᠌ ᠢ ᠲᠠᠪᠠᠪᠠ᠂ ᠡᠨᠡ ᠨᠢ ᠲᠦᠷᠦᠭᠦᠦ ᠵᠢᠯ ᠤᠨ ᠬᠢ ᠡᠴᠡ 7.44% ᠪᠡᠷ ᠦᠰᠴᠠᠢ᠃

    ᠰᠤᠷᠭᠠᠨ ᠬᠦᠮᠦᠵᠢᠯ ᠤᠨ ᠶᠠᠮᠤᠨ᠂ ᠤᠯᠤᠰ ᠤᠨ ᠲᠤᠭ᠎ᠠ᠎ ᠪᠦᠷᠢᠳᠭᠡᠯ ᠤᠨ ᠲᠤᠪᠴᠢᠶ᠎ᠠ᠂ ᠰᠠᠩᠬᠦᠦ ᠡᠳ᠋ ᠤᠨ ᠵᠠᠰᠠᠭ ᠤᠨ ᠶᠠᠮᠤᠨ ᠡᠴᠡ ᠬᠠᠮᠲᠤᠪᠡᠷ ᠨᠡᠶᠢᠲᠡᠯᠡᠭᠰᠡᠨ ᠡᠨᠡᠬᠦ ᠮᠡᠳᠡᠭᠡᠨ ᠳᠤ᠂ 2016 ᠤᠨ ᠳᠤ ᠤᠯᠤᠰ ᠳᠠᠶᠠᠭᠠᠷ ᠤᠨ ᠰᠠᠩᠬᠦᠦ ᠡᠳ᠋ ᠤᠨ ᠵᠠᠰᠠᠭ ᠤᠨ ᠴᠢᠨᠠᠷᠲᠠᠢ ᠰᠤᠷᠭᠠᠨ ᠬᠦᠮᠦᠵᠢᠯ ᠤᠨ ᠵᠠᠷᠤᠳᠠᠯ GDP ᠶ᠋ᠢᠨ ᠬᠠᠷᠢᠴᠠᠯ ᠤᠨ 4.22% ᠢ᠋ ᠡᠵᠡᠯᠡᠵᠤ᠂ ᠲᠠᠪᠤᠨ ᠵᠢᠯ ᠳᠠᠷᠠᠭᠠᠯᠠᠨ 4% ᠡᠴᠡ ᠳᠡᠭᠡᠭ᠍ᠰᠢ ᠶᠢ ᠪᠠᠲᠤᠯᠠᠵᠤ ᠪᠤᠢ᠃ ᠤᠯᠤᠰ ᠳᠠᠶᠠᠭᠠᠷ ᠤᠨ ᠰᠠᠩᠬᠦᠦ ᠡᠳ᠋ ᠤᠨ ᠵᠠᠰᠠᠭ ᠤᠨ ᠴᠢᠨᠠᠷᠲᠠᠢ ᠰᠤᠷᠭᠠᠨ ᠬᠦᠮᠦᠵᠢᠯ ᠤᠨ ᠵᠠᠷᠤᠳᠠᠯ ᠨᠡᠶᠢᠲᠡ ᠶᠢᠨ ᠰᠠᠩᠬᠦᠦ ᠡᠳ᠋ ᠤᠨ ᠵᠠᠰᠠᠭ ᠤᠨ ᠵᠠᠷᠤᠯᠭ᠎ᠠ ᠶᠢᠨ 187755.21 ᠳ᠋ᠦᠩᠰᠢᠭᠤᠷ ᠲᠦᠬᠦᠷᠢᠭ᠌ ᠤᠨ 14.75% ᠶ᠋ᠢ ᠡᠵᠡᠯᠡᠵᠤ᠂ ᠲᠦᠷᠦᠬᠦᠦ ᠵᠢᠯ ᠤᠨ 14.70% ᠡᠴᠡ ᠵᠠᠭᠤᠨ ᠤ ᠬᠠᠷᠢᠴᠠᠯ ᠢᠶᠡᠷ 0.05 ᠪᠡᠷ ᠨᠡᠮᠡᠭᠳᠡᠪᠡ᠃

    ᠪᠦᠷᠢᠳᠭᠡᠯ ᠢ ᠦᠨᠳᠦᠰᠦᠯᠡᠪᠡᠯ᠂ 2016 ᠤᠨ ᠳᠤ ᠤᠯᠤᠰ ᠳᠠᠶᠠᠭᠠᠷ ᠤᠨ ᠡᠩ ᠤᠨ ᠪᠠᠭ᠎ᠠ ᠰᠤᠷᠭᠠᠭᠤᠯᠢ᠂ ᠡᠩ ᠤᠨ ᠳᠤᠮᠳᠠᠳᠤ ᠰᠤᠷᠭᠠᠭᠤᠯᠢ᠂ ᠡᠩ ᠤᠨ ᠦᠨᠳᠦᠷ ᠳᠤᠮᠳᠠᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠡᠩ ᠤᠨ ᠶᠡᠬᠡ ᠲᠡᠭᠡᠲᠤ ᠰᠤᠷᠭᠠᠭᠤᠯᠢ ᠶᠢᠨ ᠰᠤᠷᠤᠭᠴᠢ ᠳᠤᠮᠳᠠᠴᠢ ᠶᠢᠨ ᠨᠡᠶᠢᠲᠡ ᠶᠢᠨ ᠰᠠᠩᠬᠦᠦ ᠡᠳ᠋ ᠤᠨ ᠵᠠᠰᠠᠭ ᠡᠴᠡ ᠤᠷᠢᠳᠴᠢᠯᠠᠨ ᠲᠤᠭᠠᠴᠠᠭᠠᠯᠠᠭᠰᠠᠨ ᠰᠤᠷᠭᠠᠨ ᠬᠦᠮᠦᠵᠢᠯ ᠤᠨ ᠵᠠᠷᠤᠳᠠᠯ ᠤᠨ ᠨᠡᠮᠡᠭᠳᠡᠴᠡ ᠶᠢᠨ ᠬᠡᠮᠵᠢᠶ᠎ᠠ ᠨᠢ ᠲᠤᠰ ᠪᠦᠷᠢ 8.14%᠂ 10.83%᠂ 13.81%᠂ 11.56% ᠪᠤᠯᠤᠨ 3.33% ᠳ᠋ᠤ ᠬᠦᠷᠴᠡᠢ᠃ ᠤᠯᠤᠰ ᠳᠠᠶᠠᠭᠠᠷ ᠤᠨ ᠡᠩ ᠤᠨ ᠪᠠᠭ᠎ᠠ ᠰᠤᠷᠭᠠᠭᠤᠯᠢ᠂ ᠡᠩ ᠤᠨ ᠳᠤᠮᠳᠠᠳᠤ ᠰᠤᠷᠭᠠᠭᠤᠯᠢ᠂ ᠡᠩ ᠤᠨ ᠦᠨᠳᠦᠷ ᠳᠤᠮᠳᠠᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠡᠩ ᠤᠨ ᠶᠡᠬᠡ ᠲᠡᠭᠡᠲᠤ ᠰᠤᠷᠭᠠᠭᠤᠯᠢ ᠶᠢᠨ ᠰᠤᠷᠤᠭᠴᠢ ᠳᠤᠮᠳᠠᠴᠢ ᠶᠢᠨ ᠨᠡᠶᠢᠲᠡ ᠶᠢᠨ ᠰᠠᠩᠬᠦᠦ ᠡᠳ᠋ ᠤᠨ ᠵᠠᠰᠠᠭ ᠡᠴᠡ ᠤᠷᠢᠳᠴᠢᠯᠠᠨ ᠲᠤᠭᠠᠴᠠᠭᠠᠯᠠᠭᠰᠠᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠡᠮᠡᠭᠳᠡᠴᠡ ᠶᠢᠨ ᠬᠡᠮᠵᠢᠶ᠎ᠠ ᠨᠢ ᠲᠤᠰ ᠪᠦᠷᠢ 7.25%᠂ 5.98%᠂ 9.41%᠂ 9.93% ᠪᠤᠯᠤᠨ 12.57% ᠪᠤᠯᠤᠬᠰᠠᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121861908