蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ 301 ᠳ᠋ᠦᠩᠰᠢᠭᠤᠷ ᠲᠦᠬᠦᠷᠢᠭ᠌ ᠤᠨ ᠵᠠᠰᠠᠭ ᠤᠨ ᠤᠷᠳᠤᠨ ᠡᠴᠡ ᠰᠤᠯᠢᠬᠤ ᠲᠡᠮᠳᠡᠭᠲᠤ ᠶᠢ ᠲᠠᠷᠬᠠᠭᠠᠪᠠ

2017-10-30 17:33

    ᠰᠤᠷᠪᠤᠯᠵᠢᠯᠠᠭᠴᠢ ᠲᠦᠷᠦᠭᠦᠬᠡᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠡᠴᠡ ᠤᠶᠢᠯᠠᠭᠠᠭᠰᠠᠨ ᠢᠶᠡᠷ᠂ ᠲᠦᠷᠦᠭᠦᠭᠡᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠦᠪᠰᠢᠶᠡᠷᠡᠯ ᠢᠶᠡᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠠᠩᠬᠦᠦ ᠡᠳ᠋ ᠤᠨ ᠵᠠᠰᠠᠭ ᠤᠨ ᠲᠢᠩᠬᠢᠮ ᠡᠴᠡ ᠰᠠᠩᠬᠦᠦ ᠡᠳ᠋ ᠤᠨ ᠵᠠᠰᠠᠭ ᠤᠨ ᠶᠠᠮᠤᠨ ᠤ ᠱᠠᠩᠬᠠᠢ ᠶᠢᠨ ᠲᠡᠮᠳᠡᠭᠲᠤ ᠠᠷᠠᠯᠵᠢᠶᠠᠯᠠᠬᠤ ᠭᠠᠵᠠᠷ ᠤᠨ ᠵᠠᠰᠠᠭ ᠤᠨ ᠤᠷᠳᠤᠨ ᠤ ᠲᠡᠮᠳᠡᠭᠲᠤ ᠲᠠᠷᠬᠠᠭᠠᠬᠤ ᠰᠢᠰᠲ᠋ᠸᠮ ᠢᠶᠡᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠡᠮᠳᠡᠭᠲᠤ ᠳᠠᠭᠠᠭᠠᠴᠢᠯᠠᠨ ᠪᠤᠷᠤᠯᠠᠭᠤᠯᠬᠤ ᠪᠠᠭ ᠤᠨ ᠭᠡᠰᠢᠭᠦᠳ ᠲᠤ ᠢᠯᠡ ᠪᠡᠷ ᠳᠠᠭᠠᠭᠠᠴᠢᠯᠠᠨ ᠵᠠᠷᠯᠠᠬᠤ ᠠᠷᠭ᠎᠎ᠠ ᠪᠡᠷ 2017 ᠤᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ 301 ᠳ᠋ᠦᠩᠰᠢᠭᠤᠷ ᠲᠦᠬᠦᠷᠢᠭ᠌ ᠤᠨ ᠵᠠᠰᠠᠭ ᠤᠨ ᠤᠷᠳᠤᠨ ᠡᠴᠡ ᠰᠤᠯᠢᠬᠤ ᠲᠡᠮᠳᠡᠭᠲᠤ ᠶᠢ ᠲᠠᠷᠬᠠᠭᠠᠪᠠ᠃

    ᠲᠤᠰ ᠤᠳᠠᠭᠠᠨ ᠤ ᠲᠡᠮᠳᠡᠭᠲᠤ ᠳᠤ᠂ ᠡᠩ ᠤᠨ ᠲᠡᠮᠳᠡᠭᠲᠤ 224.146 ᠳ᠋ᠦᠩᠰᠢᠭᠤᠷ ᠲᠦᠬᠦᠷᠢᠭ᠌ ᠲᠤ ᠬᠦᠷᠴᠠᠢ᠃ ᠡᠭᠦᠨ ᠳᠤ᠂ 5 ᠵᠢᠯ ᠤᠨ ᠬᠤᠭᠤᠴᠠᠭᠠᠲᠤ ᠲᠡᠮᠳᠡᠭᠲᠤ 35.846 ᠳ᠋ᠦᠩᠰᠢᠭᠤᠷ ᠲᠦᠬᠦᠷᠢᠭ᠌ ᠢ ᠡᠵᠡᠯᠡᠵᠤ᠂ 7 ᠵᠢᠯ ᠤᠨ ᠬᠤᠭᠤᠴᠠᠭᠠᠲᠤ ᠲᠡᠮᠳᠡᠭᠲᠤ 58.4 ᠳ᠋ᠦᠩᠰᠢᠭᠤᠷ ᠲᠦᠬᠦᠷᠢᠭ᠌ ᠢ ᠡᠵᠡᠯᠡᠨ᠂ 10 ᠵᠢᠯ ᠤᠨ ᠬᠤᠭᠤᠴᠠᠭᠠᠲᠤ ᠲᠡᠮᠳᠡᠭᠲᠤ 129.9 ᠳ᠋ᠦᠩᠰᠢᠭᠤᠷ ᠲᠦᠬᠦᠷᠢᠭ᠌ ᠢ ᠡᠵᠡᠯᠡᠭᠰᠡᠨ ᠪᠠᠶᠢᠨ᠎ᠠ᠃ ᠲᠤᠰᠬᠠᠢ ᠲᠦᠷᠦᠯ ᠤᠨ ᠲᠡᠮᠳᠡᠭᠲᠤ 76.854 ᠳ᠋ᠦᠩᠰᠢᠭᠤᠷ ᠲᠦᠬᠦᠷᠢᠭ᠌ ᠲᠤ ᠬᠦᠷᠴᠤ᠂ ᠡᠭᠦᠨ ᠳᠤ᠂ 5 ᠵᠢᠯ ᠤᠨ ᠬᠤᠭᠤᠴᠠᠭᠠᠲᠤ ᠲᠡᠮᠳᠡᠭᠲᠤ 38.427 ᠳ᠋ᠦᠩᠰᠢᠭᠤᠷ ᠲᠦᠬᠦᠷᠢᠭ᠌ ᠢ ᠡᠵᠡᠯᠡᠨ᠂ 10 ᠵᠢᠯ ᠤᠨ ᠬᠤᠭᠤᠴᠠᠭᠠᠲᠤ ᠲᠡᠮᠳᠡᠭᠲᠤ 38.427 ᠳ᠋ᠦᠩᠰᠢᠭᠤᠷ ᠲᠦᠬᠦᠷᠢᠭ᠌ ᠢ ᠡᠵᠡᠯᠡᠵᠠᠢ᠃

    ᠦᠨᠦ ᠵᠢᠯ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠨᠡᠶᠢᠲᠡ 1133.1 ᠳ᠋ᠦᠩᠰᠢᠭᠤᠷ ᠲᠦᠬᠦᠷᠢᠭ᠌ ᠤᠨ ᠵᠠᠰᠠᠭ ᠤᠨ ᠤᠷᠳᠤᠨ ᠤ ᠲᠡᠮᠳᠡᠭᠲᠤ ᠶᠢ ᠲᠠᠷᠬᠠᠭᠠᠵᠤ᠂ ᠪᠦᠲᠦᠨ ᠵᠢᠯ ᠤᠨ ᠲᠠᠷᠬᠠᠭᠠᠬᠤ ᠲᠦᠯᠦᠪᠯᠡᠭᠡ ᠶᠢᠨ 67.5% ᠶ᠋ᠢ ᠪᠡᠶᠡᠯᠡᠭᠦᠯᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121879022