蒙古文网站Logo
ᠰᠢᠨᠬᠤᠸᠠ ᠮᠤᠩᠭ᠋ᠤᠯ ᠨᠧᠲ

1-9 ᠰᠠᠷ᠎ᠠ ᠳᠤ ᠦᠪᠦᠷ ᠮᠣᠩᠭᠣᠯ ᠬᠦᠳᠡᠯᠮᠦᠷᠢᠴᠢᠳ ᠤᠨ ᠴᠠᠯᠢᠩ ᠢ 4.28 ᠳ᠋ᠦᠩᠰᠢᠭᠤᠷ ᠲᠦᠬᠦᠷᠢᠭ᠌ ᠨᠦᠬᠦᠨ ᠪᠠᠭᠤᠯᠭᠠᠪᠠ

2017-11-02 14:46

    1-9 ᠰᠠᠷ᠎ᠠ ᠳᠤ᠂ ᠦᠪᠦᠷ ᠮᠣᠩᠭᠣᠯ ᠬᠦᠳᠡᠯᠮᠦᠷᠢ ᠶᠢᠨ ᠪᠠᠲᠤᠯᠠᠭᠠᠨ ᠤ ᠬᠠᠤᠯᠢ ᠬᠡᠷᠡᠭᠵᠢᠭᠦᠯᠬᠦ ᠶᠢ ᠬᠢᠨᠠᠨ ᠪᠠᠶᠢᠴᠠᠭᠠᠬᠤ ᠬᠦᠴᠦᠯᠡᠴᠡ ᠪᠡᠨ ᠴᠢᠩᠭ᠋ᠠᠳᠬᠠᠵᠤ᠂ ᠬᠦᠮᠦᠨ ᠬᠡᠷᠡᠭᠯᠡᠬᠦ ᠪᠠᠶᠢᠭᠤᠯᠤᠯᠭ᠎ᠠ ᠬᠦᠮᠦᠨ ᠬᠡᠷᠡᠭᠯᠡᠬᠦ ᠪᠤᠯᠤᠨ ᠨᠡᠶᠢᠭᠡᠮ ᠤᠨ ᠳᠠᠭᠠᠳᠬᠠᠯ ᠬᠠᠤᠯᠢ ᠴᠠᠭᠠᠵᠠ ᠳᠦᠷᠢᠮ ᠲᠤᠭᠠᠲᠠᠭᠠᠯ ᠢ ᠪᠠᠷᠢᠮᠲᠠᠯᠠᠵᠤ ᠪᠠᠶᠢᠬᠤ ᠡᠰᠡᠬᠦ ᠳᠤ ᠲᠤᠰᠬᠠᠢ ᠬᠢᠨᠠᠨ ᠪᠠᠶᠢᠴᠠᠭᠠᠯᠲᠠ ᠬᠢᠵᠤ ᠬᠦᠳᠡᠯᠮᠦᠷᠢᠴᠢᠳ ᠤᠨ ᠬᠠᠤᠯᠢ ᠳᠤ ᠨᠡᠶᠢᠴᠡᠭᠰᠡᠨ ᠡᠷᠬᠡ ᠠᠰᠢᠭ ᠢ ᠪᠠᠲᠤᠯᠠᠭᠰᠠᠨ ᠪᠠᠶᠢᠨ᠎ᠠ᠃ ᠤᠷᠤᠨ ᠳᠠᠶᠠᠭᠠᠷ ᠤᠨ ᠬᠦᠳᠡᠯᠮᠦᠷᠢ ᠶᠢᠨ ᠪᠠᠲᠤᠯᠠᠭᠠᠨ ᠤ ᠬᠢᠨᠠᠨ ᠪᠠᠶᠢᠴᠠᠭᠠᠯᠲᠠ ᠶᠢᠨ ᠪᠠᠶᠢᠭᠤᠯᠤᠮᠵᠢ ᠡᠴᠡ 2.64 ᠲᠦᠮᠡᠨ ᠡᠷᠦᠬᠡ ᠬᠦᠮᠦᠨ ᠬᠡᠷᠡᠭᠯᠡᠵᠤ ᠪᠠᠶᠢᠭ᠎ᠠ ᠪᠠᠶᠢᠭᠤᠯᠤᠯᠭ᠎ᠠ ᠶᠢ ᠪᠠᠶᠢᠴᠠᠭᠠᠵᠤ᠂ 1.79 ᠲᠦᠮᠡᠨ ᠬᠦᠮᠤᠨ ᠤ ᠬᠦᠳᠡᠯᠮᠦᠷᠢ ᠶᠢᠨ ᠭᠡᠷ᠎ᠠ ᠶᠢ ᠨᠦᠬᠦᠨ ᠪᠠᠶᠢᠭᠤᠯᠵᠤ᠂ 4290.1 ᠲᠦᠮᠡᠨ ᠲᠦᠬᠦᠷᠢᠭ᠌ ᠤᠨ ᠨᠡᠶᠢᠭᠡᠮ ᠤᠨ ᠳᠠᠭᠠᠳᠬᠠᠯ ᠢ ᠰᠢᠮᠳᠠᠭᠤᠯᠤᠨ ᠲᠤᠰᠢᠶᠠᠯᠭᠠᠵᠤ᠂ 4.28 ᠳ᠋ᠦᠩᠰᠢᠭᠤᠷ ᠲᠦᠬᠦᠷᠢᠭ᠌ ᠤᠨ ᠬᠦᠳᠡᠯᠮᠦᠷᠢᠴᠢᠳ ᠤᠨ ᠴᠠᠯᠢᠩ ᠢ ᠨᠦᠬᠦᠨ ᠪᠠᠭᠤᠯᠭᠠᠭᠰᠠᠨ ᠪᠠᠶᠢᠨ᠎ᠠ᠃

    ᠡᠭᠦᠨ ᠡᠴᠡ ᠭᠠᠳᠠᠨ᠎ᠠ᠂ ᠦᠨᠦ ᠵᠢᠯ ᠦᠪᠦᠷ ᠮᠣᠩᠭᠣᠯ ᠤᠨ ᠬᠦᠳᠡᠯᠮᠦᠷᠢ ᠬᠦᠮᠦᠨ ᠤ ᠶᠠᠪᠤᠳᠠᠯ ᠢ ᠡᠪᠰᠡᠭᠦᠯᠦᠨ ᠬᠦᠨᠳᠡᠯᠡᠨ ᠡᠴᠡ ᠲᠠᠰᠤᠯᠬᠤ ᠠᠵᠢᠯ ᠤᠯᠠᠮ ᠨᠢᠭᠡ ᠠᠯᠬᠤᠮ ᠴᠢᠩᠭ᠋ᠠᠷᠠᠪᠠ᠃ ᠲᠦᠷᠦᠭᠦᠦ ᠭᠤᠷᠪᠠᠨ ᠤᠯᠠᠷᠢᠯ ᠳᠤ᠂ ᠤᠷᠤᠨ ᠳᠠᠶᠠᠭᠠᠷ ᠤᠨ ᠡᠯ᠎ᠠ ᠵᠡᠷᠭᠡᠯᠡᠯ ᠤᠨ ᠡᠪᠰᠡᠭᠦᠯᠵᠤ ᠬᠦᠨᠳᠡᠯᠡᠨ ᠡᠴᠡ ᠲᠠᠰᠤᠯᠬᠤ ᠪᠠᠶᠢᠭᠤᠯᠤᠮᠵᠢ ᠨᠡᠶᠢᠲᠡ 11668 ᠮᠠᠷᠭᠤᠭᠠᠨ ᠢ ᠰᠢᠶ᠋ᠳᠪᠦᠷᠢᠯᠡᠵᠤ᠂ ᠦᠩᠭᠡᠷᠡᠭᠰᠡᠨ ᠤᠨ ᠤ ᠮᠦᠨ ᠦᠶ᠎ᠠ ᠡᠴᠡ 8.76% ᠪᠡᠷ ᠪᠠᠭᠤᠷᠠᠪᠠ᠃ ᠬᠡᠷᠡᠭ ᠢ ᠰᠢᠶ᠋ᠳᠪᠦᠷᠢᠯᠡᠭᠰᠡᠨ ᠨᠤᠷᠮ᠎ᠠ 90.62% ᠲᠤ ᠬᠦᠷᠴᠤ᠂ ᠡᠴᠤᠰ ᠤᠨ ᠲᠠᠰᠤᠯᠤᠨ ᠰᠢᠶ᠋ᠳᠪᠦᠷᠢᠯᠡᠬᠦ ᠨᠤᠷᠮ᠎ᠠ 39.45% ᠳ᠋ᠤ ᠬᠦᠷᠴᠤ᠂ ᠠᠮᠵᠢᠯᠲᠠ ᠲᠠᠢ ᠡᠪᠰᠡᠭᠦᠯᠦᠭᠰᠡᠨ ᠨᠤᠷᠮ᠎ᠠ 63.18% ᠳ᠋ᠤ ᠬᠦᠷᠴᠤ᠂ ᠨᠡᠶᠢᠲᠡ 13631 ᠬᠦᠳᠡᠯᠮᠦᠷᠢᠴᠢᠨ ᠢ ᠬᠠᠮᠤᠷᠴᠠᠢ᠃ ᠡᠪᠰᠡᠭᠦᠯᠵᠤ ᠬᠦᠨᠳᠡᠯᠡᠨ ᠡᠴᠡ ᠲᠠᠰᠤᠯᠬᠤ ᠰᠤᠷᠠᠭ ᠵᠠᠩᠭᠢᠵᠢᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭ᠍ᠰᠢᠯᠡᠵᠤ᠂ ᠢᠨᠲ᠋ᠷᠨᠧᠲ ᠢᠶᠡᠷ ᠬᠡᠷᠡᠭ ᠰᠢᠶ᠋ᠳᠪᠦᠷᠢᠯᠡᠬᠦ ᠨᠤᠷᠮ᠎ᠠ 61.22% ᠲᠤ ᠬᠦᠷᠦᠭᠰᠡᠨ ᠪᠠᠶᠢᠨ᠎ᠠ᠃ (ᠰᠤᠷᠪᠤᠯᠵᠢᠯᠠᠭᠴᠢ ᠸᠠᠩ ᠺᠸ ᠶᠠᠨ)

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121895536