蒙古文网站Logo
ᠰᠢᠨᠬᠤᠸᠠ ᠮᠤᠩᠭ᠋ᠤᠯ ᠨᠧᠲ

ᠢᠯᠢ ᠶᠢᠨ ᠭᠤᠷᠪᠠᠨ ᠤᠯᠠᠷᠢᠯ ᠤᠨ ᠡᠵᠡᠩᠨᠡᠯᠲᠡ ᠶᠢᠨ ᠤᠷᠤᠯᠭ᠎ᠠ 524.71 ᠳ᠋ᠦᠩᠰᠢᠭᠤᠷ ᠲᠦᠬᠦᠷᠢᠭ᠌ ᠢ ᠪᠡᠶᠡᠯᠡᠭᠦᠯᠪᠠ

2017-11-06 17:23

    10 ᠰᠠᠷ᠎ᠠ ᠶᠢᠨ 30 ᠤ ᠡᠳᠦᠷ ᠢᠯᠢ ᠬᠤᠪᠢᠴᠠᠭᠠᠲᠤ ᠺᠤᠮᠫᠠᠨᠢ ᠡᠴᠡ ᠨᠡᠶᠢᠲᠡᠯᠡᠭᠰᠡᠨ 2017 ᠤᠨ ᠤ ᠭᠤᠷᠪᠠᠨ ᠤᠯᠠᠷᠢᠯ ᠤᠨ ᠮᠡᠳᠡᠭᠦᠯᠦᠯᠲᠡ ᠶᠢ ᠦᠨᠳᠦᠰᠦᠯᠡᠪᠡᠯ᠂ ᠢᠯᠢ 1 ᠡᠴᠡ 9 ᠰᠠᠷ᠎ᠠ ᠳᠤ᠂ 524.71 ᠳ᠋ᠦᠩᠰᠢᠭᠤᠷ ᠲᠦᠬᠦᠷᠢᠭ᠌ ᠤᠨ ᠤᠷᠤᠯᠭ᠎ᠠ ᠶᠢ ᠪᠡᠶᠡᠯᠡᠭᠦᠯᠪᠡ᠂ ᠡᠨᠡ ᠨᠢ ᠦᠩᠭᠡᠷᠡᠭᠰᠡᠨ ᠤᠨ ᠤ ᠮᠦᠨ ᠦᠶ᠎ᠠ ᠡᠴᠡ 13.64% ᠪᠡᠷ ᠨᠡᠮᠡᠭᠳᠡᠨ 49.39 ᠳ᠋ᠦᠩᠰᠢᠭᠤᠷ ᠲᠦᠬᠦᠷᠢᠭ᠌ ᠤᠨ ᠴᠡᠪᠠᠷ ᠠᠰᠢᠭ ᠤᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 12.12% ᠢ᠋ᠶᠡᠷ ᠨᠡᠮᠡᠭᠳᠡᠭᠰᠡᠨ ᠪᠠᠶᠢᠨ᠎ᠠ᠃

    ᠤᠳᠤᠬᠠᠨ ᠳᠤ᠂ ᠰᠦᠨ ᠤ ᠦᠢᠯᠡᠰ ᠤᠨ ᠵᠠᠬ᠎ᠠ ᠵᠡᠭᠡᠯᠢ ᠨᠢᠭᠡᠨᠲᠡ ᠪᠦᠲᠦᠴᠡ ᠶᠢ ᠳᠡᠰ ᠳᠡᠪᠰᠢᠭᠦᠯᠬᠦ ᠰᠢᠨ᠎ᠠ ᠴᠠᠭ ᠦᠶ᠎ᠠ ᠳᠤ ᠤᠷᠤᠵᠠᠢ᠂ ᠢᠯᠢ ᠳᠡᠭᠡᠳᠦ ᠵᠡᠷᠭᠡᠯᠡᠯ ᠤᠨ ᠪᠦᠲᠦᠭᠡᠭ᠍ᠳᠡᠬᠦᠨ ᠢ ᠦᠷᠭᠦᠯᠵᠢᠯᠡᠨ ᠬᠦᠭ᠍ᠵᠢᠭᠦᠯᠦᠭᠰᠡᠨ ᠡᠴᠡ 2016 ᠤᠨ ᠳᠤ ᠠᠨ ᠮᠦ᠋ ᠰᠢ ᠶᠢᠨ ᠪᠤᠷᠤᠯᠠᠭᠤᠯᠭ᠎ᠠ ᠶᠢᠨ ᠬᠡᠮᠵᠢᠶ᠎ᠠ 106.7% ᠪᠡᠷ ᠨᠡᠮᠡᠭᠳᠡᠵᠤ᠂ 2017 ᠤᠨ ᠳᠤ ᠪᠤᠷᠤᠯᠠᠭᠤᠯᠭ᠎ᠠ ᠶᠢᠨ ᠬᠡᠮᠵᠢᠶ᠎ᠠ ᠦᠷᠭᠦᠯᠵᠢᠯᠡᠨ ᠨᠡᠮᠡᠭᠳᠡᠵᠤ ᠬᠡᠪ ᠤᠨ ᠳᠤᠯᠠᠭᠠᠨ ᠲᠠᠢ ᠳᠠᠷᠠᠭ ᠤᠨ ᠲᠡᠷᠢᠭᠦᠨ ᠪᠷᠸᠨ᠋ᠳ᠋ ᠪᠤᠯᠤᠭᠰᠠᠨ ᠪᠠᠶᠢᠨ᠎ᠠ᠃ ᠲᠤᠭ᠎ᠠ ᠪᠦᠷᠢᠳᠭᠡᠯ ᠳᠤ ᠢᠯᠡᠷᠡᠭᠰᠡᠨ ᠢᠶᠡᠷ᠂ ᠢᠯᠢ ᠶᠢᠨ ᠳᠡᠭᠡᠳᠦ ᠵᠡᠷᠭᠡᠯᠡᠯ ᠤᠨ ᠪᠦᠲᠦᠭᠡᠭ᠍ᠳᠡᠬᠦᠨ ᠤ ᠬᠠᠷᠢᠴᠠᠯ 2014 ᠤᠨ ᠳᠤ 39% ᠪᠠᠶᠢᠭᠰᠠᠨ ᠡᠴᠡ ᠪᠡᠨ 2017 ᠤᠨ ᠳᠤ 50% ᠪᠤᠯᠵᠤ ᠲᠦᠷᠭᠡᠨ ᠨᠡᠮᠡᠭᠳᠡᠪᠠ᠃

    ᠢᠯᠢ ᠤᠳᠤᠬᠠᠨ ᠳᠤ ᠤᠯᠤᠰ ᠳᠠᠶᠠᠭᠠᠷ ᠤᠨ ᠬᠡᠪᠴᠢᠶᠡᠨ ᠳᠤ 500 ᠲᠦᠮᠡᠨ ᠪᠤᠷᠤᠯᠠᠭᠤᠯᠭ᠎ᠠ ᠶᠢᠨ ᠰᠦᠯᠵᠢᠶᠡᠨ  ᠴᠡᠭ ᠲᠠᠢ᠂ ᠡᠳᠦᠷ ᠲᠤ ᠳ᠋ᠦᠩᠰᠢᠭᠤᠷ ᠭᠠᠷᠤᠢ ᠢᠯᠢ ᠶᠢᠨ ᠪᠦᠲᠦᠭᠡᠭ᠍ᠲᠡᠬᠦᠨ ᠬᠡᠷᠡᠭᠯᠡᠭᠴᠢᠳ ᠤᠨ ᠭᠠᠷ ᠲᠤ ᠬᠦᠷᠳᠠᠭ᠌᠃ ᠡᠭᠦᠨ ᠡᠴᠡ ᠭᠠᠳᠠᠨ᠎ᠠ᠂ ᠢᠯᠢ ᠴᠠᠬᠢᠮ ᠬᠤᠳᠠᠯᠳᠤᠭᠠᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭ᠋ᠠᠳᠬᠠᠵᠤ᠂ ᠪᠤᠷᠤᠯᠠᠭᠤᠯᠭ᠎ᠠ ᠶᠢ ᠡᠵᠡᠮᠳᠡᠬᠦ ᠴᠢᠳᠠᠪᠬᠢ ᠪᠤᠯᠤᠨ ᠪᠦᠲᠦᠭᠡᠭ᠍ᠲᠡᠬᠦᠨ ᠤ ᠨᠡᠪᠴᠢᠯᠲᠡ ᠶᠢ ᠤᠯᠠᠮ ᠴᠢᠨᠠᠭᠰᠢᠲᠠ ᠳᠡᠭᠡᠭ᠍ᠰᠢᠯᠡᠭᠦᠯᠵᠤ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠬᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121913600