蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠭᠤᠷᠪᠠᠳᠤᠭᠠᠷ ᠠᠵᠤ ᠦᠢᠯᠡᠰ ᠡᠳ᠋ ᠤᠨ ᠵᠠᠰᠠᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ 66.6% ᠳ᠋ᠤ ᠬᠦᠷᠪᠠ

2017-11-09 13:59

    ᠦᠨᠦ ᠵᠢᠯ ᠡᠴᠡ ᠨᠠᠰᠢ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠲᠤᠭᠲᠠᠭᠤᠨ ᠬᠦᠭ᠍ᠵᠢᠯᠲᠠ  ᠶᠢᠨ ᠠᠵᠢᠯ ᠤᠨ ᠭᠦᠭ᠌  ᠢ ᠪᠠᠷᠢᠮᠲᠠᠯᠠᠵᠤ᠂ ᠡᠳ᠋ ᠤᠨ ᠵᠠᠰᠠᠭ ᠤᠨ ᠬᠡᠯᠪᠡᠷᠢ ᠪᠡᠨ ᠬᠤᠪᠢᠷᠠᠭᠤᠯᠤᠨ ᠳᠡᠰ ᠳᠡᠪᠰᠢᠭᠦᠯᠬᠦ ᠳᠤᠮᠳᠠ ᠠᠵᠤ ᠦᠢᠯᠡᠰ ᠤᠨ ᠪᠦᠲᠦᠴᠡ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠬᠢᠷᠠᠭᠤᠯᠤᠯᠲᠠ ᠪᠠᠨ ᠳᠦᠷᠭᠡᠳᠭᠡᠭ᠍ᠰᠡᠨ ᠢᠶᠡᠷ ᠭᠤᠷᠪᠠᠳᠤᠭᠠᠷ ᠠᠵᠤ ᠦᠢᠯᠡᠰ ᠡᠴᠡ ᠡᠳ᠋ ᠤᠨ ᠵᠠᠰᠠᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ 66.6% ᠳᠤ ᠬᠦᠷᠪᠠ᠃

    ᠦᠨᠦ ᠵᠢᠯ ᠡᠴᠡ ᠨᠠᠰᠢ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠭᠤᠷᠪᠠᠳᠤᠭᠠᠷ ᠠᠵᠤ ᠦᠢᠯᠡᠰ ᠤᠨ ᠬᠦᠭ᠍ᠵᠢᠯᠲᠠ  ᠶᠢ ᠲᠦᠷᠭᠡᠳᠭᠡᠬᠦ᠂ ᠬᠠᠷᠢᠴᠠᠯ ᠢ ᠨᠡᠮᠡᠭᠳᠡᠭᠦᠯᠬᠦ ᠵᠡᠷᠭᠡ ᠠᠯᠢ ᠤᠯᠠᠨ ᠲᠦᠷᠦ ᠶᠢᠨ ᠪᠤᠳᠤᠯᠭ᠎ᠠ  ᠠᠷᠭ᠎ᠠ ᠬᠡᠮᠵᠢᠶ᠎ᠠ ᠠᠪᠤᠬᠰᠠᠨ ᠶᠢᠡᠷ ᠭᠤᠷᠪᠠᠳᠤᠭᠠᠷ ᠠᠵᠤ ᠦᠢᠯᠡᠰ ᠤᠨ ᠡᠳ᠋ ᠤᠨ ᠵᠠᠰᠠᠬ ᠤᠨ ᠨᠡᠮᠡᠭᠳᠡᠯ ᠤᠨ ᠳᠤᠯᠭᠠᠭᠤᠷᠢᠯᠠᠬᠤ ᠦᠢᠯᠡᠳᠦᠯ ᠤᠯᠠᠮ ᠴᠢᠩᠭ᠋ᠠᠷᠠᠵᠠᠢ᠃ ᠦᠨᠦ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠤᠷᠤᠨ ᠳᠠᠶᠠᠭᠠᠷ ᠤᠨ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 7.8% ᠪᠡᠷ ᠨᠡᠮᠡᠭᠳᠡᠵᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ  GDP ᠶ᠋ᠢᠨ ᠬᠤᠪᠢ ᠶᠢᠨ ᠵᠢᠩ ᠤᠨ 45.7% ᠶᠢ ᠡᠵᠡᠯᠡᠨ᠂ ᠡᠳ᠋ ᠤᠨ ᠵᠠᠰᠠᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠤᠯᠠᠮ ᠦᠨᠳᠦᠷᠵᠢᠪᠠ᠃ ᠡᠭᠦᠨ ᠤ ᠬᠠᠮᠲᠤ᠂ ᠦᠢᠯᠡᠴᠢᠯᠡᠭᠡᠨ ᠤ ᠬᠠᠮᠢᠶ᠎ᠠ ᠪᠦᠬᠦᠢ ᠭᠤᠤᠯᠳᠠᠯᠭ᠎ᠠ ᠲᠠᠢ ᠠᠵᠤ ᠦᠢᠯᠡᠰ ᠲᠦᠷᠭᠡᠨ ᠬᠦᠭ᠍ᠵᠢᠵᠠᠢ᠂ 9 ᠰᠠᠷ᠎ᠠ ᠶᠢᠨ ᠰᠡᠭᠦᠯᠴᠢ ᠪᠤᠯᠲᠠᠯ᠎ᠠ ᠤᠷᠤᠨ ᠳᠠᠶᠠᠭᠠᠷ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠤᠭᠤᠰ ᠤᠨ ᠬᠠᠳᠠᠭᠠᠯᠠᠮᠵᠢ᠂ ᠵᠢᠭᠡᠯᠡᠯᠭᠡ ᠶᠢᠨ ᠦᠯᠡᠳᠡᠪᠦᠷᠢ ᠴᠦᠮ ᠦᠩᠭᠡᠷᠡᠭᠰᠡᠨ ᠤᠨ ᠤ ᠮᠦᠨ ᠦᠶ᠎ᠠ ᠡᠴᠡ 11% ᠭᠠᠷᠤᠢ ᠪᠡᠷ ᠨᠡᠮᠡᠭᠳᠡᠭᠰᠡᠨ ᠪᠠᠶᠢᠨ᠎ᠠ᠂ ᠪᠤᠤᠭᠢᠶ᠎ᠠ ᠦᠢᠯᠡᠴᠢᠯᠡᠭᠡᠨ ᠤ ᠦᠢᠯᠡᠰ ᠤᠨ ᠤᠷᠤᠯᠭ᠎ᠠ 34.4% ᠪᠡᠷ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ ᠤᠷᠤᠨ ᠳᠠᠶᠠᠭᠠᠷ ᠤᠨ ᠭᠤᠷᠪᠠᠳᠤᠭᠠᠷ ᠠᠵᠤ ᠦᠢᠯᠡᠰ  ᠤᠨ ᠴᠠᠬᠢᠯᠭᠠᠨ ᠵᠠᠷᠤᠴᠠᠭᠤᠯᠤᠭᠰᠠᠨ ᠬᠡᠮᠵᠢᠶ᠎ᠠ 106.39 ᠳ᠋ᠦᠩᠰᠢᠭᠤᠷ ᠺᠢᠯᠦᠸᠠᠲ ᠴᠠᠭ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 13.1% ᠪᠡᠷ ᠨᠡᠮᠡᠭᠳᠡᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121929548