蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠭᠤᠷᠪᠠᠨ ᠰᠠᠷ᠎ᠠ ᠳᠤ ᠦᠪᠦᠷ ᠮᠣᠩᠭᠣᠯ ᠤᠨ ᠡᠳ᠋ ᠤᠨ ᠵᠠᠰᠠᠬ ᠤᠨ ᠤᠷᠤᠯᠭ᠎ᠠ ᠵᠠᠷᠤᠯᠭ᠎ᠠ  ᠶᠡᠷᠦᠩᠬᠡᠢ ᠳᠤ ᠪᠠᠨ ᠲᠤᠭᠲᠠᠭᠤᠨ ᠪᠠᠶᠢᠪᠠ

2017-11-13 13:43

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠠᠩᠬᠦᠦ ᠡᠳ᠋ ᠤᠨ ᠵᠠᠰᠠᠭ ᠤᠨ ᠮᠡᠳᠡᠭᠡ ᠶᠢ ᠦᠨᠳᠦᠰᠦᠯᠡᠪᠡᠯ᠂ ᠦᠨᠦ ᠵᠢᠯ ᠤᠨ ᠲᠦᠷᠦᠭᠦᠦ ᠭᠤᠷᠪᠠᠨ ᠰᠠᠷ᠎ᠠ ᠳᠤ ᠦᠪᠦᠷ ᠮᠣᠩᠭᠣᠯ ᠤᠨ ᠡᠳ᠋ ᠤᠨ ᠵᠠᠰᠠᠬ ᠤᠨ ᠤᠷᠤᠯᠭ᠎ᠠ ᠵᠠᠷᠤᠯᠭ᠎ᠠ ᠶᠢᠨ ᠡᠷᠭᠢᠯᠲᠠ ᠶᠡᠷᠦᠩᠬᠡᠢ ᠳᠤ ᠪᠠᠨ ᠲᠤᠭᠲᠠᠭᠤᠨ ᠪᠠᠶᠢᠨ᠎ᠠ᠃

    ᠦᠨᠦ ᠵᠢᠯ ᠡᠴᠡ ᠨᠠᠰᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠠᠩᠬᠦᠦ ᠡᠳ᠋ ᠤᠨ ᠵᠠᠰᠠᠬ ᠤᠨ ᠲᠢᠩᠬᠢᠮ ᠵᠢᠴᠢ ᠤᠯᠤᠰ ᠳᠠᠶᠠᠭᠠᠷ ᠤᠨ ᠰᠠᠩᠬᠦᠦ ᠡᠳ᠋ ᠤᠨ ᠵᠠᠰᠠᠭ ᠤᠨ ᠰᠢᠰᠲ᠋ᠸᠮ ᠡᠴᠡ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠨᠡᠶᠢᠭᠡᠮ ᠤᠨ ᠬᠦᠭ᠍ᠵᠢᠯᠲᠠ ᠶᠢᠨ ᠲᠦᠪ ᠤᠨ ᠠᠵᠢᠯ ᠤᠨ ᠲᠤᠭᠤᠷᠢᠨ ᠳᠤ ᠬᠦᠷᠦᠩᠭᠡ ᠤᠷᠤᠭᠤᠯᠤᠯᠲᠠ ᠶᠢ ᠠᠬᠢᠭᠤᠯᠬᠤ᠂ ᠲᠤᠭᠲᠠᠭᠤᠨ ᠦᠰᠦᠯᠲᠠ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠲᠦᠭᠦᠮ ᠦᠵᠡᠭᠦᠯᠬᠦ ᠵᠡᠷᠭᠡ ᠠᠷᠭ᠎ᠠ ᠬᠡᠮᠵᠢᠶ᠎ᠠ ᠠᠪᠤᠭᠰᠠᠨ ᠢᠶᠡᠷ ᠤᠷᠤᠨ ᠳᠠᠶᠠᠭᠠᠷ ᠤᠨ ᠰᠠᠩᠬᠦᠦ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠡᠪ ᠤᠨ ᠪᠠᠶᠢᠳᠠᠯ ᠢᠶᠡᠷ ᠡᠷᠭᠢᠬᠦ ᠶᠢ ᠪᠡᠶᠡᠯᠡᠭᠦᠯᠦᠭᠰᠡᠨ ᠪᠠᠶᠢᠨ᠎ᠠ᠃ ᠤᠷᠤᠯᠭ᠎ᠠ ᠡᠴᠡ ᠠᠪᠴᠤ ᠦᠵᠡᠪᠡᠯ᠂ ᠦᠨᠦ ᠵᠢᠯ ᠤᠨ ᠲᠦᠷᠦᠭᠦᠦ ᠭᠤᠷᠪᠠᠨ ᠤᠯᠠᠷᠢᠯ ᠳᠤ ᠦᠪᠦᠷ ᠮᠣᠩᠭᠣᠯ ᠡᠩ ᠤᠨ ᠨᠡᠶᠢᠲᠡ ᠶᠢᠨ ᠲᠦᠰᠦᠪ ᠤᠨ ᠤᠷᠤᠯᠭ᠎ᠠ 1482.4 ᠳ᠋ᠦᠩᠰᠢᠭᠤᠷ ᠲᠦᠬᠦᠷᠢᠭ᠌ ᠲᠤ ᠬᠦᠷᠴᠤ ᠤᠨ ᠤ ᠲᠦᠰᠦᠪ ᠤᠨ 72.1% ᠶᠢ ᠪᠡᠶᠡᠯᠡᠭᠦᠯᠪᠠ᠃ ᠡᠩ ᠤᠨ ᠨᠡᠶᠢᠲᠡ ᠶᠢᠨ ᠲᠦᠰᠦᠪ ᠤᠨ ᠤᠷᠤᠯᠭ᠎ᠠ ᠳᠤ ᠭᠠᠶᠢᠯᠢ ᠶᠢᠨ ᠤᠷᠤᠯᠭ᠎ᠠ ᠦᠩᠭᠡᠷᠡᠭᠰᠡᠨ ᠤᠨ ᠤ ᠮᠦᠨ ᠦᠶ᠎ᠠ ᠡᠴᠡ 22.5% ᠪᠡᠷ ᠨᠡᠮᠡᠭᠳᠡᠵᠤ᠂ ᠭᠠᠶᠢᠯᠢ ᠶᠢᠨ ᠪᠤᠰᠤ ᠤᠷᠤᠯᠭ᠎ᠠ ᠦᠩᠭᠡᠷᠡᠭᠰᠡᠨ ᠤᠨ ᠤ ᠮᠦᠨ ᠦᠶ᠎ᠠ ᠡᠴᠡ 2.1% ᠪᠡᠷ ᠪᠠᠭᠤᠷᠠᠵᠠᠢ᠃ ᠦᠨᠦ ᠵᠢᠯ ᠤᠨ ᠲᠦᠷᠦᠭᠦᠦ ᠭᠤᠷᠪᠠᠨ ᠤᠯᠠᠷᠢᠯ ᠳᠤ ᠤᠷᠤᠨ ᠳᠠᠶᠠᠭᠠᠷ ᠤᠨ ᠡᠩ ᠤᠨ ᠨᠡᠶᠢᠲᠡ ᠶᠢᠨ ᠲᠦᠰᠦᠪ ᠤᠨ ᠵᠠᠷᠤᠯᠭ᠎ᠠ 3473.8 ᠳ᠋ᠦᠩᠰᠢᠭᠤᠷ ᠲᠦᠬᠦᠷᠢᠭ᠌ ᠲᠤ ᠬᠦᠷᠴᠤ᠂ ᠲᠤᠬᠢᠷᠠᠭᠤᠯᠤᠬᠰᠠᠨ ᠲᠦᠰᠦᠪ ᠤᠨ 64.6% ᠶᠢ ᠡᠵᠡᠯᠡᠵᠤ᠂ ᠦᠩᠭᠡᠷᠡᠭᠰᠡᠨ ᠤᠨ ᠤ ᠮᠦᠨ ᠦᠶ᠎ᠠ ᠡᠴᠡ 117.1 ᠳ᠋ᠦᠩᠰᠢᠭᠤᠷ ᠲᠦᠬᠦᠷᠢᠭ᠌ ᠨᠡᠮᠡᠭᠳᠡᠨ 3.5% ᠪᠡᠷ ᠨᠡᠮᠡᠭᠳᠡᠭᠰᠡᠨ ᠪᠠᠶᠢᠨ᠎ᠠ᠃( ᠰᠤᠷᠪᠤᠯᠵᠢᠯᠠᠭᠴᠢ ᠶᠠᠩ ᠹᠠᠨ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121946650