蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ᠄ 10 ᠰᠠᠷ᠎ᠠ ᠶᠢᠨ ᠤᠷᠤᠨ ᠰᠠᠭᠤᠴᠠ ᠶᠢᠨ ᠦᠨ᠎ᠠ ᠬᠠᠩᠰᠢ ᠶᠡᠷᠦᠩᠬᠡᠢ ᠳᠤ ᠪᠡᠨ ᠲᠤᠭᠲᠠᠭᠤᠨ ᠪᠠᠶᠢᠯ᠎ᠠ

2017-11-20 16:49

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ   ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ 18 ᠤ ᠡᠳᠦᠷ ᠤᠨ ᠨᠡᠶᠢᠲᠡᠯᠡᠭᠰᠡᠨ ᠲᠤᠭ᠎ᠠ ᠪᠦᠷᠢᠳᠭᠡᠯ ᠢ ᠦᠨᠳᠦᠰᠦᠯᠡᠪᠡᠯ᠂ 10 ᠰᠠᠷ᠎ᠠ ᠶᠢᠨ ᠤᠷᠤᠨ ᠰᠠᠭᠤᠴᠠ ᠶᠢᠨ ᠦᠨ᠎ᠠ ᠬᠠᠩᠰᠢ ᠶᠡᠷᠦᠩᠬᠡᠢ ᠳᠤ ᠪᠡᠨ ᠲᠤᠭᠲᠠᠭᠤᠨ ᠪᠠᠶᠢᠪᠠ᠃ 70 ᠶᠡᠬᠡ ᠳᠤᠮᠳᠠ ᠬᠤᠲᠠ ᠶᠢᠨ ᠨᠢᠭᠡᠳᠦᠭᠡᠷ ᠵᠡᠷᠭᠡᠯᠡᠯ ᠤᠨ ᠰᠢᠨ᠎ᠠ ᠤᠷᠤᠨ ᠰᠠᠭᠤᠴᠠ ᠶᠢᠨ ᠦᠨ᠎᠎ᠠ ᠬᠠᠩᠰᠢ ᠦᠩᠭᠡᠷᠡᠭᠰᠡᠨ ᠡᠭᠡᠯᠵᠢ ᠶᠢᠨ ᠬᠢ ᠡᠴᠡ ᠪᠠᠭᠤᠷᠠᠵᠤ᠂ ᠬᠠᠭᠤᠴᠢᠨ ᠤᠷᠤᠨ ᠰᠠᠭᠤᠴᠠ ᠶᠢᠨ ᠦᠨ᠎ᠠ ᠬᠠᠩᠰᠢ ᠦᠩᠭᠡᠷᠡᠭᠰᠡᠨ ᠡᠭᠡᠯᠵᠢ ᠶᠢᠨ ᠬᠢ ᠲᠠᠢ ᠪᠡᠨ ᠠᠳᠠᠯᠢ ᠪᠠᠶᠢᠯ ᠠ᠃

    ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠠᠩᠬ᠎ᠠ ᠠᠯᠬᠤᠮ ᠤᠨ ᠬᠡᠮᠵᠢᠯᠲᠠ ᠪᠡᠷ᠂ 10 ᠰᠠᠷ᠎ᠠ ᠳᠤ᠂ ᠬᠤᠶᠠᠳᠤᠭᠠᠷ ᠵᠡᠷᠭᠡᠯᠡᠯ ᠤᠨ ᠬᠤᠲᠠ ᠶᠢᠨ ᠰᠢᠨ᠎ᠠ ᠪᠡᠷ ᠪᠠᠶᠢᠭᠤᠯᠤᠭᠰᠠᠨ ᠬᠤᠳᠠᠯᠳᠤᠭᠠᠨ ᠤ ᠤᠷᠤᠨ ᠰᠠᠭᠤᠴᠠ ᠶᠢᠨ ᠦᠨ᠎ᠠ ᠬᠠᠩᠰᠢ ᠦᠩᠭᠡᠷᠡᠭᠰᠡᠨ ᠡᠭᠡᠯᠵᠢ ᠶᠢᠨ ᠬᠢ ᠡᠴᠡ 0.3% ᠪᠡᠷ ᠦᠰᠴᠠᠢ᠂ ᠦᠰᠦᠯᠲᠠ ᠶᠢᠨ ᠬᠡᠮᠵᠢᠶ᠎ᠠ ᠨᠢ ᠳᠡᠭᠡᠷ᠎ᠠ ᠰᠠᠷ᠎ᠠ ᠶᠢᠨ ᠬᠢ ᠡᠴᠡ ᠵᠠᠭᠤᠨ ᠤ ᠬᠠᠷᠢᠴᠠᠯ ᠢᠶᠡᠷ 0.1 ᠪᠡᠷ ᠨᠡᠮᠡᠭᠳᠡᠪᠡ᠃ ᠬᠠᠭᠤᠴᠢᠨ ᠤᠷᠤᠨ ᠰᠠᠭᠤᠴᠠ ᠶᠢᠨ ᠦᠨ᠎ᠠ ᠬᠠᠩᠰᠢ ᠦᠩᠭᠡᠷᠡᠭᠰᠡᠨ ᠡᠭᠡᠯᠵᠢ ᠶᠢᠨ ᠬᠢ ᠡᠴᠡ 0.2% ᠢᠶᠡᠷ ᠦᠰᠴᠤ᠂ ᠦᠰᠦᠯᠲᠠ ᠶᠢᠨ ᠬᠡᠮᠵᠢᠶ᠎᠎ᠠ ᠨᠢ ᠳᠡᠭᠡᠷ᠎ᠠ ᠰᠠᠷ᠎᠎ᠠ ᠶᠢᠨ ᠬᠢ ᠲᠠᠢ ᠠᠳᠠᠯᠢ ᠪᠠᠶᠢᠯ ᠠ᠃ ᠭᠤᠷᠪᠠᠳᠤᠭᠠᠷ ᠵᠡᠷᠭᠡᠯᠡᠯ ᠤᠨ ᠬᠤᠲᠠ ᠶᠢᠨ ᠰᠢᠨ᠎ᠠ ᠪᠡᠷ ᠪᠠᠶᠢᠭᠤᠯᠤᠭᠰᠠᠨ ᠬᠤᠳᠠᠯᠳᠤᠭᠠᠨ ᠤ ᠤᠷᠤᠨ ᠰᠠᠭᠤᠴᠠ ᠶᠢᠨ ᠦᠨ᠎ᠠ ᠬᠠᠩᠰᠢ ᠦᠩᠭᠡᠷᠡᠭᠰᠡᠨ ᠡᠭᠡᠯᠵᠢ ᠶᠢᠨ ᠬᠢ ᠡᠴᠡ 0.3% ᠪᠡᠷ ᠦᠰᠴᠤ᠂ ᠦᠰᠦᠯᠲᠠ ᠶᠢᠨ ᠬᠡᠮᠵᠢᠶ᠎ᠠ ᠨᠢ ᠳᠡᠭᠡᠷ᠎ᠠ ᠰᠠᠷ᠎ᠠ ᠶᠢᠨ ᠬᠢ ᠡᠴᠡ ᠵᠠᠭᠤᠨ ᠤ ᠬᠠᠷᠢᠴᠠᠯ ᠢᠶᠡᠷ 0.1 ᠪᠡᠷ ᠨᠡᠮᠡᠭᠳᠡᠵᠠᠢ᠃ ᠬᠠᠭᠤᠴᠢᠨ ᠤᠷᠤᠨ ᠰᠠᠭᠤᠴᠠ ᠶᠢᠨ ᠦᠨ᠎ᠠ ᠬᠠᠩᠰᠢ ᠦᠩᠭᠡᠷᠡᠭᠰᠡᠨ ᠡᠭᠡᠯᠵᠢ ᠶᠢᠨ ᠬᠢ ᠡᠴᠡ 0.2% ᠢᠶᠡᠷ ᠦᠰᠴᠤ᠂ ᠦᠰᠦᠯᠲᠠ ᠶᠢᠨ ᠬᠡᠮᠵᠢᠶ᠎᠎ᠠ ᠨᠢ ᠳᠡᠭᠡᠷ᠎ᠠ ᠰᠠᠷ᠎᠎ᠠ ᠶᠢᠨ ᠬᠢ ᠡᠴᠡ ᠵᠠᠭᠤᠨ ᠤ ᠬᠠᠷᠢᠴᠠᠯ ᠢᠶᠡᠷ 0.1 ᠪᠡᠷ ᠪᠠᠭᠤᠷᠠᠭᠰᠠᠨ ᠪᠠᠶᠢᠨ᠎ᠠ᠃

    ᠦᠩᠭᠡᠷᠡᠭᠰᠡᠨ ᠤᠨ ᠤ ᠮᠦᠨ ᠦᠶ᠎ᠠ ᠲᠠᠢ ᠬᠠᠷᠢᠴᠠᠭᠤᠯᠪᠠᠯ᠂ 70 ᠶᠡᠬᠡ ᠳᠤᠮᠳᠠ ᠬᠤᠲᠠ ᠶᠢᠨ ᠨᠢᠭᠡ ᠬᠤᠶᠠᠷ ᠭᠤᠷᠪᠠᠳᠤᠭᠠᠷ ᠵᠡᠷᠭᠡᠯᠡᠯ ᠤᠨ ᠬᠤᠲᠠ ᠶᠢᠨ ᠤᠷᠤᠨ ᠰᠠᠭᠤᠴᠠ ᠶᠢᠨ ᠦᠨ᠎ᠠ ᠬᠠᠩᠰᠢ  ᠶᠢᠨ ᠦᠩᠭᠡᠷᠡᠭᠰᠡᠨ ᠤᠨ ᠤ ᠮᠦᠨ ᠦᠶ᠎ᠠ ᠶᠢᠨ ᠦᠰᠦᠯᠲᠠ ᠶᠢᠨ ᠬᠡᠮᠵᠢᠶ᠎ᠠ ᠨᠢ ᠦᠷᠭᠦᠯᠵᠢᠯᠡᠨ ᠪᠠᠭᠤᠷᠠᠵᠤ ᠪᠤᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121983822