蒙古文网站Logo
ᠰᠢᠨᠬᠤᠸᠠ ᠮᠤᠩᠭ᠋ᠤᠯ ᠨᠧᠲ

31 ᠮᠤᠵᠢ ᠤᠷᠤᠨ ᠤ 10 ᠰᠠᠷ᠎ᠠ ᠶᠢᠨ CPI ᠶ᠋ᠢᠨ ᠨᠡᠮᠡᠭᠳᠡᠯ ᠤᠨ ᠵᠢᠬᠰᠠᠭᠠᠯᠲᠠ ᠲᠤᠳᠤᠷᠠᠪᠠ 14 ᠪᠦᠰᠡ ᠨᠤᠲᠤᠭ ᠤᠯᠤᠰ ᠳᠠᠶᠠᠭᠠᠷ ᠤᠨ ᠬᠢᠷᠢ ᠲᠦᠪᠰᠢᠨ ᠢ ᠳᠠᠪᠠᠪᠠ

2017-11-21 17:51

    2017 ᠤᠨ ᠤ 10 ᠰᠠᠷ᠎ᠠ ᠳᠤ᠂ ᠤᠯᠤᠰ ᠳᠠᠶᠠᠭᠠᠷ ᠤᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠠ ᠦᠩᠭᠡᠷᠡᠭᠰᠡᠨ ᠤᠨ ᠤ ᠮᠦᠨ ᠦᠶ᠎ᠠ ᠡᠴᠡ 1.9% ᠪᠡᠷ ᠨᠡᠮᠡᠭᠳᠡᠪᠡ᠃ ᠳᠤᠮᠳᠠᠳᠤ ᠤᠯᠤᠰ ᠤᠨ ᠡᠳ᠋ ᠤᠨ ᠵᠠᠰᠠᠭ ᠤᠨ ᠨᠸᠲ ᠤᠨ ᠰᠤᠷᠪᠤᠯᠵᠢᠯᠠᠭᠴᠢ ᠶᠢᠨ ᠴᠡᠭᠴᠡᠯᠡᠭᠰᠡᠨ ᠲᠤᠭ᠎ᠠ ᠪᠦᠷᠢᠳᠭᠡᠯ ᠢ ᠦᠨᠳᠦᠰᠦᠯᠡᠪᠡᠯ᠂ 31 ᠮᠤᠵᠢ ᠤᠷᠤᠨ ᠬᠤᠲᠠ ᠡᠴᠡ 14 ᠪᠦᠰᠡ ᠨᠤᠲᠤᠭ ᠤᠨ CPI ᠶ᠋ᠢᠨ ᠨᠡᠮᠡᠭᠳᠡᠯ ᠤᠯᠤᠰ ᠳᠠᠶᠠᠭᠠᠷ ᠤᠨ ᠬᠢᠷᠢ ᠲᠦᠪᠰᠢᠨ ᠢ ᠳᠠᠪᠠᠵᠤ᠂ ᠤᠯᠤᠰ ᠳᠠᠶᠠᠭᠠᠷ ᠤᠨ《ᠭᠤᠷᠪᠠᠳᠤᠭᠠᠷ ᠴᠠᠭ ᠦᠶ᠎ᠠ》 ᠳ᠋ᠤ ᠤᠷᠤᠭᠰᠠᠨ ᠮᠤᠵᠢ ᠨᠡᠮᠡᠭᠳᠡᠭᠡᠳ ᠬᠤᠶᠠᠷ ᠪᠤᠯᠪᠠ᠂ 12 ᠪᠦᠰᠡ ᠨᠤᠲᠤᠭ ᠬᠤᠶᠠᠳ᠋ᠤᠭᠠᠷ ᠴᠠᠭ ᠦᠶ᠎ᠠ ᠳᠤ ᠪᠡᠨ ᠪᠤᠢ᠃ ᠡᠭᠦᠨ ᠳᠤ᠂ ᠰᠢᠨᠵᠢᠶᠠᠩ᠂ ᠬᠠᠶᠢᠨᠠᠨ ᠤ CPI ᠦᠩᠭᠡᠷᠡᠭᠰᠡᠨ ᠤᠨ ᠤ ᠮᠦᠨ ᠦᠶ᠎ᠠ ᠡᠴᠡ 3.1% ᠪᠡᠷ ᠨᠡᠮᠡᠭᠳᠡᠨ ᠤᠯᠤᠰ ᠳᠠᠶᠠᠭᠠᠷ ᠤᠨ ᠲᠡᠷᠢᠭᠦᠨ ᠳᠤ ᠪᠠᠶᠢᠷᠢᠯᠠᠵᠤ᠂ ᠭᠦᠢᠵᠸᠤ 0.8% ᠪᠡᠷ ᠦᠰᠦᠭᠰᠡᠨ ᠴᠤ ᠮᠦᠨ ᠬᠠᠮᠤᠭ ᠤᠨ ᠰᠡᠭᠦᠯ ᠳᠤᠨᠢ ᠪᠠᠶᠢᠯ᠎ᠠ᠃

    10 ᠰᠠᠷ᠎ᠠ ᠳᠤ 31 ᠮᠤᠵᠢ ᠤᠷᠤᠨ ᠤ CPI  ᠶ᠋ᠢᠨ ᠨᠡᠮᠡᠭᠳᠡᠯ ᠤᠨ ᠪᠠᠶᠢᠳᠠᠯ ᠡᠴᠡ ᠦᠵᠡᠪᠡᠯ᠂ 10 ᠰᠠᠷ᠎ᠠ ᠳᠤ ᠤᠯᠤᠰ ᠳᠠᠶᠠᠭᠠᠷ ᠤᠨ CPI ᠦᠩᠭᠡᠷᠡᠭᠰᠡᠨ ᠤᠨ ᠤ ᠮᠦᠨ ᠦᠶ᠎ᠠ ᠡᠴᠡ 1.9% ᠪᠡᠷ ᠨᠡᠮᠡᠭᠳᠡᠪᠡ᠂ ᠡᠭᠦᠨ ᠳᠤ14 ᠪᠦᠰᠡ ᠨᠤᠲᠤᠭ ᠤᠨ CPI ᠶ᠋ᠢᠨ ᠨᠡᠮᠡᠭᠳᠡᠯ ᠤᠯᠤᠰ ᠳᠠᠶᠠᠭᠠᠷ ᠤᠨ ᠬᠢᠷᠢ ᠲᠦᠪᠰᠢᠨ ᠢ ᠳᠠᠪᠠᠵᠠᠢ᠃ ᠨᠡᠮᠡᠭᠳᠡᠯ ᠤᠨ ᠪᠠᠶᠢᠳᠠᠯ  ᠶᠢᠡᠷ ᠨᠢ ᠵᠢᠬᠰᠠᠭᠠᠪᠠᠯ ᠰᠢᠨᠵᠢᠶᠠᠩ᠂ ᠬᠠᠶᠢᠨᠠᠨ᠂ ᠵᠢᠶᠠᠩᠰᠢ᠂ ᠾᠸᠪᠸᠢ᠂ ᠭᠤᠸᠠᠩᠰᠢ᠂ ᠵᠸᠵᠢᠶᠠᠩ᠂ ᠬᠦᠬᠡᠨᠠᠭᠤᠷ᠂ ᠦᠪᠦᠷ ᠮᠣᠩᠭᠣᠯ᠂ ᠬᠠᠷᠠᠮᠦ᠋ᠷᠡᠨ᠂ ᠱᠠᠨᠰᠢ᠂ ᠯᠢᠶᠤᠤᠨᠢᠩ᠂ ᠾᠸᠨᠠᠨ᠂ ᠭᠠᠨᠰᠤ᠂ ᠲᠢᠶᠠᠨᠵᠢᠨ ᠭᠡᠵᠤ ᠳᠠᠷᠠᠭᠠᠯᠠᠬᠤ ᠪᠤᠯᠤᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121989871