蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠭᠤᠷᠪᠠᠨ ᠤᠯᠠᠷᠢᠯ ᠳᠤ ᠦᠪᠦᠷ ᠮᠣᠩᠭᠣᠯ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠦᠷᠲᠡᠭ 5000 ᠳ᠋ᠦᠩᠰᠢᠭᠤᠷ ᠲᠦᠬᠦᠷᠢᠭ᠌ ᠢ ᠳᠠᠪᠠᠪᠠ

2017-11-22 14:40

    ᠦᠨᠦ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠦᠪᠦᠷ ᠮᠣᠩᠭᠣᠯ ᠤᠨ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠦᠷᠲᠡᠭ 5000 ᠳ᠋ᠦᠩᠰᠢᠭᠤᠷ ᠲᠦᠬᠦᠷᠢᠭ᠌ ᠢ ᠳᠠᠪᠠᠵᠤ 5120.99 ᠳ᠋ᠦᠩᠰᠢᠭᠤᠷ ᠲᠦᠬᠦᠷᠢᠭ᠌ ᠲᠤ ᠬᠦᠷᠤᠨ᠂ ᠦᠩᠭᠡᠷᠡᠭᠰᠡᠨ ᠤᠨ ᠤ ᠮᠦᠨ ᠦᠶ᠎ᠠ ᠡᠴᠡ 8.4% ᠪᠡᠷ ᠨᠡᠮᠡᠭᠳᠡᠪᠡ᠃

    ᠵᠠᠬ᠎ᠠ ᠵᠠᠭᠡᠯᠢ ᠪᠡᠷ ᠬᠤᠪᠢᠶᠠᠨ ᠦᠵᠡᠪᠡᠯ᠂ ᠤᠷᠤᠨ ᠳᠠᠶᠠᠭᠠᠷ ᠤᠨ ᠬᠤᠲᠠ ᠪᠠᠯᠭᠠᠰᠤᠨ ᠤ ᠵᠠᠬ᠎ᠠ ᠵᠡᠭᠡᠯᠢ ᠶᠢᠨ ᠬᠡᠷᠡᠭᠯᠡᠭᠡᠨ  ᠤ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠦᠷᠲᠡᠭ 4616.88 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎᠎ᠠ ᠡᠴᠡ 8.1% ᠪᠡᠷ ᠨᠡᠮᠡᠭᠳᠡᠵᠠᠢ᠃ ᠬᠦᠳᠡᠭᠡ ᠲᠤᠰᠬᠤᠨ ᠤ ᠵᠠᠬ᠎ᠠ ᠵᠡᠭᠡᠯᠢ ᠶᠢᠨ ᠬᠡᠷᠡᠭᠯᠡᠭᠡᠨ  ᠤ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠦᠷᠲᠡᠭ 504.11 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎᠎ᠠ ᠡᠴᠡ 11.1% ᠪᠡᠷ ᠨᠡᠮᠡᠭᠳᠡᠨ ᠬᠤᠲᠠ ᠪᠠᠯᠭᠠᠰᠤᠨ ᠤ ᠵᠠᠬ᠎ᠠ ᠵᠡᠭᠡᠯᠢ ᠶᠢᠨ ᠬᠡᠷᠡᠭᠯᠡᠭᠡᠨ  ᠤ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠦᠷᠲᠡᠭ ᠡᠴᠡ ᠵᠠᠭᠤᠨ ᠤ ᠬᠠᠷᠢᠴᠠᠯ ᠢᠶᠡᠷ 3.0 ᠢᠶᠡᠷ ᠬᠤᠷᠳᠤᠨ ᠪᠠᠶᠢᠯ᠎ᠠ᠃ ᠬᠡᠷᠡᠭᠯᠡᠭᠡᠨ ᠤ ᠲᠦᠷᠦᠯ ᠬᠡᠯᠪᠡᠷᠢ ᠪᠡᠷ ᠬᠤᠪᠢᠶᠠᠪᠠᠯ᠂ ᠬᠤᠭᠤᠯᠠ ᠤᠮᠲᠠ ᠶᠢᠨ ᠦᠢᠯᠡᠰ 798.36 ᠳ᠋ᠦᠩᠰᠢᠭᠤᠷ ᠲᠦᠬᠦᠷᠢᠭ᠌ ᠤᠨ ᠡᠵᠡᠩᠨᠡᠯᠲᠡ ᠶᠢᠨ ᠤᠷᠤᠯᠭ᠎ᠠ ᠶᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎᠎ᠠ ᠡᠴᠡ 10.1% ᠪᠡᠷ ᠨᠡᠮᠡᠭᠳᠡᠭᠰᠡᠨ ᠪᠠᠶᠢᠨ᠎ᠠ᠃ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠦᠷᠲᠡᠭ 4322.63 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎᠎ᠠ ᠡᠴᠡ 8.1% ᠪᠡᠷ ᠨᠡᠮᠡᠭᠳᠡᠪᠠ᠃ ᠲᠦᠷᠦᠯ ᠦᠷᠲᠡᠭ ᠢᠶᠡᠷ ᠨᠢ ᠬᠤᠪᠢᠶᠠᠨ ᠦᠵᠡᠪᠡᠯ᠂ ᠠᠮᠤ ᠪᠤᠳᠠᠭ᠎ᠠ ᠲᠤᠰᠤ᠂ ᠬᠦᠨᠡᠰᠤ ᠪᠤᠯᠤᠨ ᠠᠷᠢᠬᠢ ᠲᠠᠮᠠᠬᠢᠨ ᠤ ᠲᠦᠷᠦᠯ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠤᠭᠰᠨ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 11.4% ᠪᠡᠷ ᠨᠡᠮᠡᠭᠳᠡᠨ᠂ ᠬᠡᠷ ᠤᠨ ᠴᠠᠬᠢᠯᠭᠠᠨ ᠬᠡᠷᠡᠭᠰᠡᠯ ᠪᠤᠯᠤᠨ ᠳᠠᠭᠤ ᠰᠢᠩᠭᠡᠭᠡᠯᠲᠡ ᠶᠢᠨ ᠬᠡᠷᠡᠭᠰᠡᠯ ᠢ ᠵᠢᠵᠢᠭᠯᠡᠨ ᠪᠤᠷᠤᠯᠠᠭᠤᠯᠤᠭᠰᠨ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 9.0% ᠢᠶᠡᠷ ᠨᠡᠮᠡᠭᠳᠡᠵᠤ᠂ ᠬᠤᠪᠴᠠᠰᠤ ᠬᠤᠨᠠᠷ᠂ ᠮᠠᠯᠠᠭᠠᠢ ᠱᠠᠬᠠᠢ᠂ ᠨᠡᠬᠡᠮᠡᠯ ᠤᠨ ᠲᠦᠷᠦᠯ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 7.9% ᠪᠡᠷ ᠨᠡᠮᠡᠭᠳᠡᠭᠰᠡᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121994123