蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠬᠦᠷᠦᠩᠭᠡ ᠤᠷᠤᠭᠤᠯᠤᠯᠲᠠ ᠶᠢᠨ ᠪᠦᠲᠦᠴᠡ ᠶᠢᠨ ᠰᠢᠯᠢᠳᠡᠭᠵᠢᠬᠦ ᠪᠠᠶᠢᠳᠠᠯ ᠢᠯᠡᠷᠬᠡᠢ ᠪᠠᠶᠢᠨ᠎ᠠ

2017-11-22 14:41

    ᠦᠨᠦ ᠵᠢᠯ ᠡᠴᠡ ᠨᠠᠰᠢ᠂ ᠦᠪᠦᠷ ᠮᠣᠩᠭᠣᠯ ᠲᠤᠳᠤᠭᠠᠲᠤ ᠬᠡᠷᠡᠭᠴᠡᠭᠡᠨ ᠤ ᠪᠤᠯᠤᠮᠵᠢ ᠪᠡᠨ ᠭᠦᠢᠴᠡᠳ ᠪᠠᠳᠠᠷᠠᠭᠤᠯᠵᠤ᠂ ᠡᠳ᠋ ᠤᠨ ᠵᠠᠰᠠᠭ ᠨᠡᠶᠢᠭᠡᠮ ᠤᠨ ᠬᠦᠭ᠍ᠵᠢᠯᠲᠠ ᠶᠢᠨ ᠭᠤᠤᠯᠳᠠᠯᠭ᠎ᠠ ᠶᠢᠨ ᠭᠤᠭᠴᠤᠭ᠎ᠠ ᠪᠤᠯᠤᠨ ᠪᠠᠭᠤᠷᠠᠢ ᠭᠤᠭᠴᠤᠭ᠎ᠠ ᠶᠢ ᠲᠦᠪᠯᠡᠷᠡᠭᠦᠯᠵᠤ᠂ ᠳᠡᠳ᠋ ᠪᠦᠲᠦᠴᠡ ᠪᠤᠯᠤᠨ ᠦᠢᠯᠡᠳᠬᠦ ᠦᠢᠯᠡᠰ᠂ ᠭᠤᠷᠪᠠᠳᠤᠭᠠᠷ ᠠᠵᠤ ᠦᠢᠯᠡᠰ ᠵᠢᠴᠢ ᠰᠢᠨ᠎ᠠ ᠪᠡᠷ ᠮᠠᠨᠳᠤᠵᠤ ᠪᠠᠶᠢᠭ᠎ᠠ ᠰᠠᠯᠪᠤᠷᠢ ᠶᠢᠨ ᠳᠠᠪᠠᠭᠤᠯᠢᠭ ᠲᠦᠰᠦᠯ᠂ ᠬᠦᠨᠳᠤ ᠴᠢᠬᠤᠯᠠ ᠲᠦᠰᠦᠯ ᠳᠤ ᠬᠦᠷᠦᠩᠭᠡ ᠤᠷᠤᠭᠤᠯᠬᠤ ᠬᠦᠴᠦᠯᠡᠴᠡ ᠪᠡᠨ ᠴᠢᠩᠭ᠋ᠠᠳᠬᠠᠭᠰᠠᠨ ᠢᠶᠡᠷ ᠤᠷᠤᠨ ᠳᠠᠶᠠᠭᠠᠷ ᠤᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠶᠢᠨ ᠪᠦᠲᠦᠴᠡ ᠶᠢᠨ ᠰᠢᠯᠢᠳᠡᠭᠵᠢᠬᠦ ᠪᠠᠶᠢᠳᠠᠯ ᠢᠯᠡᠷᠬᠡᠢ ᠪᠤᠯᠪᠠ᠃

    ᠦᠨᠦ ᠵᠢᠯ ᠤᠨ ᠲᠦᠷᠦᠬᠦᠦ ᠭᠤᠷᠪᠠᠨ ᠤᠯᠠᠷᠢᠯ ᠳᠤ᠂ ᠤᠷᠤᠨ ᠳᠠᠶᠠᠭᠠᠷ ᠤᠨ ᠭᠤᠷᠪᠠᠳᠤᠭᠠᠷ ᠠᠵᠤ ᠦᠢᠯᠡᠰ ᠤᠨ ᠬᠦᠷᠦᠩᠭᠡ ᠤᠷᠤᠭᠤᠯᠤᠯᠲᠠ ᠲᠤᠭᠲᠠᠮᠠᠯ ᠬᠦᠷᠦᠩᠭᠡ ᠤᠷᠤᠭᠤᠯᠤᠯᠲᠠ ᠶᠢᠨ ᠶᠡᠷᠦᠩᠬᠡᠢ ᠬᠡᠮᠵᠢᠶᠠᠨ ᠪ 53.8% ᠶᠢ ᠡᠵᠡᠯᠡᠵᠤ᠂ ᠠᠳᠠᠯᠢ ᠬᠤᠭᠤᠴᠠᠭᠠᠨ ᠳ᠋ᠡᠬᠢ ᠬᠤᠶᠠᠳᠤᠭᠠᠷ ᠠᠵᠤ ᠦᠢᠯᠡᠰ ᠤᠨ ᠬᠦᠷᠦᠩᠭᠡ ᠤᠷᠤᠭᠤᠯᠤᠯᠲᠠ ᠶᠢᠨ ᠬᠠᠷᠢᠴᠠᠯ ᠡᠴᠡ ᠵᠠᠭᠤᠨ ᠤ ᠬᠠᠷᠢᠴᠠᠯ ᠢᠶᠡᠷ 13.8 ᠪᠡᠷ ᠦᠨᠳᠦᠷ ᠪᠠᠶᠢᠯ᠎ᠠ᠃ ᠡᠭᠦᠨ ᠡᠴᠡ ᠭᠠᠳᠠᠨ᠎ᠠ᠂ ᠦᠢᠯᠡᠳᠬᠦ ᠦᠢᠯᠡᠰ ᠲᠤ ᠬᠦᠷᠦᠩᠭᠡ ᠤᠷᠤᠭᠤᠯᠬᠤ ᠪᠤᠯᠤᠨ ᠳᠡᠳ᠋ ᠪᠦᠲᠦᠴᠡ ᠳᠤ ᠬᠦᠷᠦᠩᠭᠡ ᠤᠷᠤᠭᠤᠯᠬᠤ ᠨᠢ ᠲᠤᠰ ᠪᠦᠷᠢ ᠤᠷᠤᠨ ᠳᠠᠶᠠᠭᠠᠷ ᠤᠨ ᠲᠤᠭᠲᠠᠮᠠᠯ ᠬᠦᠷᠦᠩᠭᠡ ᠤᠷᠤᠭᠤᠯᠤᠯᠲᠠ ᠶᠢᠨ ᠶᠡᠷᠦᠩᠬᠡᠢ ᠬᠡᠮᠵᠢᠶᠠᠨ ᠤ 23.3% ᠪᠤᠯᠤᠨ 39.4% ᠶᠢ ᠡᠵᠡᠯᠡᠨ᠎ᠠ᠃ ᠰᠤᠷᠠᠭ ᠵᠠᠩᠭᠢ ᠳᠠᠮᠵᠢᠭᠤᠯᠬᠤ᠂ ᠰᠤᠹᠲ ᠪᠤᠯᠤᠨ ᠰᠤᠷᠠᠭ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠳ᠋ᠡᠬᠢ ᠬᠦᠷᠦᠩᠭᠡ ᠤᠷᠤᠭᠤᠯᠤᠯᠲᠠ ᠶᠢᠨ ᠨᠡᠮᠡᠭᠳᠡᠴᠡ ᠨᠡᠯᠢᠶᠡᠳ ᠬᠤᠷᠳᠤᠨ ᠪᠦᠭᠡᠳ ᠰᠢᠨᠵᠢᠯᠡᠬᠦ ᠤᠬᠠᠭᠠᠨ ᠰᠤᠳᠤᠯᠭ᠎ᠠ ᠪᠤᠯᠤᠨ ᠮᠡᠷᠭᠡᠵᠢᠯ ᠤᠨ ᠦᠢᠯᠡᠴᠢᠯᠡᠭᠡ ᠳ᠋ᠡᠬᠢ ᠬᠦᠷᠦᠩᠭᠡ ᠤᠷᠤᠭᠤᠯᠤᠯᠲᠠ ᠮᠦᠨ ᠨᠡᠯᠢᠶᠡᠳ ᠬᠤᠷᠳᠤᠨ ᠪᠠᠶᠢᠪᠠ᠂ ᠬᠤᠶᠠᠷ ᠲᠦᠰᠦᠯ ᠤᠨ ᠬᠦᠷᠦᠩᠭᠡ ᠤᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠲᠤᠰ ᠪᠦᠷᠢ 73.7% ᠪᠤᠯᠤᠨ 54.5% ᠳ᠋ᠤ ᠬᠦᠷᠴᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121994129