蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠭᠤᠷᠪᠠᠨ ᠤᠯᠠᠷᠢᠯ ᠳᠤ ᠦᠪᠦᠷ ᠮᠣᠩᠭᠣᠯ ᠤᠨ ᠰᠠᠭᠤᠭᠠᠯᠢ ᠢᠷᠭᠡᠳ ᠤᠨ ᠬᠦᠮᠦᠨ ᠳᠤᠮᠳᠠᠴᠢ ᠶᠢᠨ ᠤᠷᠤᠯᠭ᠎ᠠ ᠦᠩᠭᠡᠷᠡᠭᠰᠡᠨ ᠤᠨ ᠤ ᠮᠦᠨ ᠦᠶ᠎ᠠ ᠡᠴᠡ 8.8% ᠪᠡᠷ ᠨᠡᠮᠡᠭᠳᠡᠪᠡ

2017-11-24 15:05

    ᠲᠦᠷᠦᠭᠦᠦ ᠭᠤᠷᠪᠠᠨ ᠤᠯᠠᠷᠢᠯ ᠳᠤ᠂ ᠦᠪᠦᠷ ᠮᠣᠩᠭᠣᠯ ᠤᠨ ᠰᠠᠭᠤᠭᠠᠯᠢ ᠢᠷᠭᠡᠳ ᠤᠨ ᠬᠦᠮᠦᠨ ᠳᠤᠮᠳᠠᠴᠢ ᠶᠢᠨ ᠤᠷᠤᠯᠭ᠎ᠠ 19321 ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 8.8% ᠪᠡᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠬᠠᠭᠠᠰ ᠵᠢᠯ ᠤᠨ ᠬᠢ ᠲᠠᠢ ᠪᠡᠨ ᠠᠳᠠᠯᠢ ᠪᠠᠶᠢᠪᠠ᠃

    ᠪᠠᠶᠢᠩᠭ᠋ᠤ ᠰᠠᠭᠤᠷᠢᠰᠢᠭ᠎ᠠ ᠭᠠᠵᠠᠷ ᠤᠷᠤᠨ ᠢᠶᠡᠷ ᠨᠢ ᠬᠤᠪᠢᠶᠠᠪᠠᠯ᠂ ᠬᠤᠳᠠ ᠪᠠᠯᠭᠠᠰᠤᠨ ᠤ ᠰᠠᠭᠤᠭᠠᠯᠢ ᠢᠷᠭᠡᠳ ᠤᠨ ᠬᠦᠮᠦᠨ ᠳᠤᠮᠳᠠᠴᠢ ᠶᠢᠨ ᠤᠷᠤᠯᠭ᠎ᠠ 26939 ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 8.1% ᠪᠡᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠳᠡᠭᠡᠷ᠎᠎ᠠ ᠬᠠᠭᠠᠰ ᠵᠢᠯ ᠤᠨ ᠬᠢ ᠡᠴᠡ ᠵᠠᠭᠤᠨ ᠤ ᠬᠠᠷᠢᠴᠠᠯ ᠢᠶᠡᠷ 0.1 ᠪᠡᠷ ᠨᠡᠮᠡᠭᠳᠡᠭᠰᠡᠨ ᠪᠠᠶᠢᠯ᠎ᠠ᠃ ᠠᠳᠠᠯᠢ ᠬᠤᠭᠤᠴᠠᠭᠠᠨ ᠳᠤ᠂ ᠤᠷᠤᠨ ᠳᠠᠶᠠᠭᠠᠷ ᠤᠨ ᠰᠠᠭᠤᠭᠠᠯᠢ ᠢᠷᠭᠡᠳ ᠤᠨ ᠬᠦᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 13675 ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 3.9% ᠪᠡᠷ ᠨᠡᠮᠡᠭᠳᠡᠵᠠᠢ᠃ ᠪᠠᠶᠢᠩᠭ᠋ᠤ ᠰᠠᠭᠤᠷᠢᠰᠢᠭ᠎ᠠ ᠭᠠᠵᠠᠷ ᠤᠷᠤᠨ ᠢᠶᠡᠷ ᠨᠢ ᠬᠤᠪᠢᠶᠠᠪᠠᠯ᠂ ᠬᠤᠳᠠ ᠪᠠᠯᠭᠠᠰᠤᠨ ᠤ ᠰᠠᠭᠤᠭᠠᠯᠢ ᠢᠷᠭᠡᠳ ᠤᠨ ᠬᠦᠮᠦᠨ ᠳᠤᠮᠳᠠᠴᠢ ᠶᠢᠨ ᠠᠮᠢᠳᠤᠷᠠᠯ  ᠤᠨ ᠬᠡᠷᠡᠭᠯᠡᠭᠡᠨ ᠤ ᠵᠠᠷᠤᠯᠭ᠎ᠠ 17141 ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 2.9% ᠪᠡᠷ ᠨᠡᠮᠡᠭᠳᠡᠪᠠ᠃ ᠬᠦᠳᠡᠭᠡ ᠲᠤᠰᠬᠤᠨ ᠤ ᠰᠠᠭᠤᠭᠠᠯᠢ ᠢᠷᠭᠡᠳ ᠤᠨ ᠬᠦᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 8743 ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 5.4% ᠪᠡᠷ ᠨᠡᠮᠡᠭᠳᠡᠭᠰᠡᠨ ᠪᠠᠶᠢᠨ ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122004835