蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠦᠨ᠎ᠠ ᠳᠦᠷᠪᠡᠨ ᠰᠠᠷ᠎ᠠ ᠳᠠᠷᠠᠭᠠᠯᠠᠨ ᠦᠰᠪᠡ

2017-11-24 15:09

    ᠰᠢᠨᠬᠤᠸᠠ ᠬᠤᠷᠢᠶ᠎ᠠ   ᠬᠦᠬᠡᠬᠤᠲᠠ ᠶᠢᠨ 11 ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠳ᠋ᠦᠩ ᠯᠦ) ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠦᠨ᠎ᠠ ᠬᠠᠩᠰᠢ ᠶᠢᠨ ᠬᠢᠨᠡᠨ ᠬᠡᠮᠵᠢᠯᠲᠠ ᠶᠢᠨ ᠲᠦᠪ ᠡᠴᠡ ᠤᠶᠢᠯᠠᠭᠠᠭᠰᠠᠨ ᠢᠶᠡᠷ᠂ ᠦᠨᠦ ᠵᠢᠯ ᠤᠨ 10 ᠰᠠᠷ᠎ᠠ ᠳᠤ᠂ ᠦᠪᠦᠷ ᠮᠣᠩᠭᠣᠯ ᠤᠨ ᠭᠤᠤᠯ ᠦᠢᠯᠡᠳᠪᠦᠷᠢᠯᠡᠵᠤ ᠪᠠᠶᠢᠭ᠎ᠠ ᠰᠢᠲᠠᠭᠠᠯᠭ᠎ᠠ ᠶᠢᠨ ᠨᠡᠭᠦᠷᠡᠰᠦᠨ ᠤ ᠠᠭᠤᠷᠬᠠᠢ ᠡᠴᠡ ᠭᠠᠷᠭᠠᠬᠤ ᠦᠨ᠎ᠠ ᠤᠷᠢᠳᠠᠪᠠᠷ ᠦᠰᠴᠤ ᠳᠠᠷᠠᠭ᠎ᠠ ᠨᠢ ᠲᠤᠭᠲᠠᠭᠤᠨ ᠪᠤᠯᠪᠠ᠃ ᠡᠮᠦᠨᠡᠬᠢ ᠬᠤᠷᠢᠭᠠᠳ ᠬᠤᠨᠤᠭ ᠲᠤ ᠦᠩᠭᠡᠷᠡᠭᠰᠡᠨ ᠡᠭᠡᠯᠵᠢ ᠶᠢᠨ ᠬᠢ ᠡᠴᠡ ᠪᠠᠭ᠎ᠠ ᠦᠰᠴᠤ᠂ ᠰᠡᠷ᠎ᠠ ᠶᠢᠨ ᠰᠡᠭᠦᠯᠴᠢ ᠪᠤᠯᠬᠤ ᠳᠤ ᠦᠨ᠎ᠠ ᠬᠠᠩᠰᠢ ᠨᠢ ᠲᠤᠭᠲᠠᠭᠤᠨ ᠪᠤᠯᠪᠠ᠂ ᠲᠤᠮᠳᠠᠴᠢ ᠲᠤᠭᠠᠴᠠᠭᠠᠯᠠᠭᠰᠠᠨ ᠦᠨ᠎ᠠ ᠨᠢ ᠲᠤᠨ ᠪᠦᠷᠢ ᠳᠤ ᠪᠡᠨ 214.20 ᠲᠦᠬᠦᠷᠢᠭ᠌ ᠲᠤ ᠬᠦᠷᠤᠨ ᠦᠩᠭᠡᠷᠡᠭᠰᠡᠨ ᠡᠭᠡᠯᠵᠢ ᠶᠢᠨ ᠬᠢ ᠡᠴᠡ 2.74% ᠪᠡᠷ ᠦᠰᠴᠤ᠂ ᠦᠩᠭᠡᠷᠡᠭᠰᠡᠨ ᠤᠨ ᠤ ᠮᠦᠨ ᠦᠶ ᠠ ᠡᠴᠡ 16.96% ᠪᠡᠷ ᠦᠰᠪᠠ᠂ ᠢᠩᠭᠢᠭ᠍ᠰᠡᠨ ᠢᠶᠡᠷ 4 ᠰᠠᠷ᠎ᠠ ᠳᠠᠷᠠᠭᠠᠯᠠᠨ ᠦᠰᠴᠤ ᠪᠤᠢ᠃

    ᠰᠤᠷᠪᠤᠯᠵᠢᠯᠠᠭᠴᠢ ᠤᠶᠢᠯᠠᠭᠠᠭᠰᠠᠨ ᠢᠶᠡᠷ᠂ ᠦᠨᠦ ᠵᠢᠯ ᠤᠨ ᠲᠦᠷᠦᠭᠦᠦ ᠬᠠᠭᠠᠰ ᠵᠢᠯ ᠳᠤ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠦᠨ᠎ᠠ ᠤᠷᠢᠳᠠᠪᠡᠷ ᠦᠰᠴᠤ ᠳᠠᠷᠠᠭ᠎ᠠ ᠨᠢ ᠪᠠᠭᠤᠷᠠᠵᠠᠢ᠃ 7 ᠰᠠᠷ᠎ᠠ ᠡᠴᠡ ᠨᠠᠰᠢ᠂ ᠬᠠᠩᠭ᠋ᠠᠯᠭ᠎ᠠ ᠬᠡᠷᠡᠭᠴᠡᠭᠡ ᠪᠠᠴᠢᠮ ᠪᠤᠯᠤᠭᠰᠠᠨ ᠡᠴᠡ ᠦᠨ᠎ᠠ  ᠨᠢ ᠦᠷᠭᠦᠯᠵᠢᠯᠡᠨ ᠦᠰᠪᠠ᠃ ᠲᠤᠭ᠎ᠠ ᠪᠦᠷᠢᠳᠭᠡᠯ ᠳᠤ ᠢᠯᠡᠷᠡᠭᠰᠡᠨ ᠢᠶᠡᠷ᠂ ᠦᠨᠦ ᠵᠢᠯ ᠤᠨ 7᠂ 8᠂ 9 ᠰᠠᠷ᠎ᠠ ᠳᠤ ᠰᠢᠲᠠᠭᠠᠯᠭ᠎ᠠ ᠶᠢᠨ ᠨᠡᠭᠦᠷᠡᠰᠤᠨ ᠤ ᠠᠭᠤᠷᠬᠠᠢ ᠡᠴᠡ ᠭᠠᠷᠭᠠᠬᠤ ᠳᠤᠮᠳᠠᠴᠢ ᠦᠨ᠎ᠠ ᠨᠢ ᠲᠤᠰ ᠳᠤᠰ ᠲᠤᠨ ᠪᠦᠷᠢ ᠳᠤ ᠪᠡᠨ 199.85 ᠲᠦᠬᠦᠷᠢᠭ᠌᠂ 200.64 ᠲᠦᠬᠦᠷᠢᠭ᠌ ᠪᠤᠯᠤᠨ 208.49 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ ᠲᠤᠰ ᠪᠦᠷᠢ 1.86%᠂ 0.39% ᠪᠤᠯᠤᠨ 3.91% ᠪᠡᠷ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ ᠲᠤᠰ ᠪᠦᠷᠢ 49.07%᠂ 42.64% ᠪᠤᠯᠤᠨ 26.16% ᠪᠡᠷ ᠦᠰᠦᠭᠰᠡᠨ ᠪᠠᠶᠢᠨ᠎ᠠ᠃

    ᠠᠳᠠᠯᠢ ᠬᠤᠭᠤᠴᠠᠭᠠᠨ ᠳᠤ᠂ ᠦᠪᠦᠷ ᠮᠣᠩᠭᠣᠯ ᠤᠨ ᠴᠠᠬᠢᠯᠭᠠᠨ ᠭᠠᠷᠭᠠᠬᠤ ᠨᠡᠭᠦᠷᠡᠰᠤᠨ ᠤ ᠦᠨ᠎ᠠ ᠦᠷᠭᠦᠯᠵᠢᠯᠡᠨ ᠪᠠᠭ᠎ᠠ ᠬᠡᠮᠵᠢᠶ᠎ᠠ ᠪᠡᠷ ᠦᠰᠪᠡ᠃ ᠦᠨᠦ ᠵᠢᠯ ᠤᠨ 8᠂ 9᠂ 10 ᠰᠠᠷ᠎ᠠ ᠳᠤ ᠳᠤᠮᠳᠠᠴᠢ ᠬᠤᠳᠠᠯᠳᠤᠨ ᠤᠷᠤᠭᠤᠯᠬᠤ ᠦᠨ᠎ᠠ ᠲᠤᠨ ᠪᠦᠷᠢ ᠳᠤ ᠪᠡᠨ ᠲᠤᠰ ᠲᠤᠰ 201.05 ᠲᠦᠬᠦᠷᠢᠭ᠌᠂ 207.71ᠲᠦᠬᠦᠷᠢᠭ᠌ ᠪᠤᠯᠤᠨ 209.44 ᠲᠦᠬᠦᠷᠢᠭ᠌  ᠲᠤ ᠬᠦᠷᠴᠤ᠂ ᠡᠨᠡ ᠨᠢ ᠦᠩᠭᠡᠷᠡᠭᠰᠡᠨ ᠡᠭᠡᠯᠵᠢ ᠶᠢᠨ ᠬᠢ ᠡᠴᠡ ᠲᠤᠰ ᠪᠦᠷᠢ 2.22%᠂ 3.31% ᠪᠤᠯᠤᠨ 0.83% ᠪᠡᠷ ᠦᠰᠪᠠ᠃

ᠢᠷᠡᠯᠳᠡ᠄ ᠰᠢᠨᠬᠤᠸᠠ ᠬᠤᠷᠢᠶ ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122004840