蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠨᠡᠶᠢᠭᠡᠮ ᠳᠠᠶᠠᠭᠠᠷ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠠ ᠪᠠ ᠪᠠᠷᠠᠭ᠎ᠠ ᠳᠡᠭᠡᠭᠡᠪᠦᠷᠢᠯᠡᠯᠳᠡ ᠵᠢᠨ ᠬᠡᠮᠵᠢᠶᠡᠨ ᠤ ᠨᠡᠮᠡᠭᠳᠡᠯ ᠴᠦᠮ 10% ᠶ᠋ᠢ ᠳᠠᠪᠠᠪᠠ

2017-11-27 13:00

    ᠡᠨᠡ ᠵᠢᠯ ᠡᠴᠡ ᠨᠠᠰᠢ᠂ ᠤᠷᠤᠨ ᠳᠠᠶᠠᠭᠠᠷ ᠤᠨ ᠡᠯ᠎ᠠ ᠱᠠᠳᠤᠨ ᠡᠴᠡ ᠨᠠᠮ ᠤᠨ ᠲᠦᠪ ᠬᠤᠷᠢᠶ᠎ᠠ ᠪᠡ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠰᠢᠢᠳᠪᠦᠷᠢᠳᠤ ᠪᠤᠳᠤᠯᠭ᠎ᠠ ᠪᠠᠢᠢᠷᠢᠯᠠᠭᠤᠯᠤᠯᠳᠠ ᠵᠢ ᠨᠠᠷᠢᠨ ᠬᠢᠨᠠᠮᠠᠭᠠᠢ ᠳᠤᠤᠱᠯᠠᠭᠤᠯᠤᠨ ᠨᠠᠢᠢᠳᠠᠪᠤᠷᠢᠵᠢᠭᠤᠯᠵᠤ᠂ ᠡᠳ᠋ ᠤᠨ ᠵᠠᠰᠠᠭ ᠮᠠᠭᠤᠳᠠᠬᠤ ᠲᠠᠷᠤᠭᠠᠰᠤ ᠵᠢ ᠢᠳᠡᠪᠬᠢᠳᠠᠢ ᠠᠷᠭᠠᠴᠠᠭᠰᠠᠨ ᠡᠴᠡ ᠭᠤᠤᠯ ᠪᠤᠯᠬᠤ ᠤᠷᠢᠳᠴᠢᠯᠠᠭᠰᠠᠨ ᠡᠳ᠋ ᠤᠨ ᠵᠠᠰᠠᠭ ᠤᠨ ᠬᠦᠢᠴᠡᠳᠬᠡᠬᠦ ᠳᠤᠭ᠎ᠠ ᠦᠷᠬᠦᠯᠵᠢᠯᠡᠨ ᠨᠡᠮᠡᠭᠳᠡᠭᠰᠡᠨ ᠪᠦᠬᠡᠳ ᠰᠠᠢᠢᠵᠢᠷᠠᠬᠤ ᠬᠠᠨᠳᠤᠰᠢ ᠳᠠᠢ ᠪᠤᠯᠵᠤ᠂ ᠲᠦᠷᠦᠬᠦᠦ ᠭᠤᠷᠪᠠᠨ ᠤᠯᠠᠷᠢᠯ ᠳ᠋ᠤ ᠦᠪᠦᠷ ᠮᠣᠩᠭᠣᠯ ᠤᠨ ᠨᠡᠶᠢᠭᠡᠮ ᠳᠠᠶᠠᠭᠠᠷ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠠ ᠪᠠ ᠪᠠᠷᠠᠭ᠎ᠠ ᠳᠡᠭᠡᠭᠡᠪᠦᠷᠢᠯᠡᠯᠳᠡ ᠵᠢᠨ ᠬᠡᠮᠵᠢᠶᠡᠨ ᠤ ᠨᠡᠮᠡᠭᠳᠡᠯ ᠴᠦᠮ 10% ᠶ᠋ᠢ ᠳᠠᠪᠠᠪᠠ᠃

    ᠤᠢᠢᠯᠠᠭᠠᠭᠰᠠᠨ ᠢᠶᠡᠷ᠂ ᠦᠨᠦ ᠵᠢᠯ ᠤᠨ 2 ᠰᠠᠷ᠎ᠠ ᠡᠴᠡ ᠨᠠᠰᠢ ᠦᠪᠦᠷ ᠮᠣᠩᠭᠣᠯ ᠤᠨ ᠨᠡᠶᠢᠭᠡᠮ ᠳᠠᠶᠠᠭᠠᠷ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠠ 8 ᠰᠠᠷ᠎ᠠ ᠲᠠᠷᠠᠭᠠᠯᠡᠨ ᠬᠤᠶᠠᠷ ᠤᠷᠤᠨᠳᠤ ᠳᠤᠭᠠᠨ ᠤ ᠨᠡᠮᠡᠭᠳᠡᠯ ᠢ ᠪᠡᠶᠡᠯᠡᠬᠦᠯᠪᠡ᠃ ᠲᠦᠷᠦᠬᠦᠦ ᠭᠤᠷᠪᠠᠨ ᠤᠯᠠᠷᠢᠯ ᠳ᠋ᠤ᠂ ᠦᠪᠦᠷ ᠮᠣᠩᠭᠣᠯ ᠤᠨ ᠨᠡᠶᠢᠭᠡᠮ ᠳᠠᠶᠠᠭᠠᠷ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠠ 2128.45 ᠳ᠋ᠦᠨᠭᠰᠢᠭᠤᠷ ᠺᠢᠯᠤᠸᠠᠲ ᠴᠠᠭ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 10.7% ᠪᠡᠷ ᠨᠡᠮᠡᠭᠳᠡᠵᠤ᠂ ᠨᠡᠮᠡᠭᠳᠡᠯ ᠨᠢ ᠦᠩᠭᠡᠷᠡᠭᠰᠡᠨ ᠡᠭᠡᠯᠵᠢ ᠶᠢᠨ ᠬᠢ ᠳᠠᠢ ᠬᠠᠷᠢᠴᠠᠭᠤᠯᠪᠠᠯ 0.5 ᠵᠠᠭᠤᠨ ᠤ ᠬᠠᠷᠢᠴᠠᠯ ᠢᠶᠡᠷ ᠲᠦᠷᠭᠡᠰᠪᠡ᠃ ᠡᠬᠦᠨ ᠤ ᠳᠤᠮᠳᠠ ᠠᠵᠤ ᠦᠢᠯᠡᠳᠪᠦᠷᠢ ᠵᠢᠨ ᠴᠠᠬᠢᠯᠭᠠᠨ ᠬᠡᠷᠡᠭᠯᠡᠭᠰᠡᠨ ᠬᠡᠮᠵᠢᠶ᠎ᠠ ᠨᠢ 1855.94 ᠳ᠋ᠦᠨᠭᠰᠢᠭᠤᠷ ᠺᠢᠯᠤᠸᠠᠲ ᠴᠠᠭ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 10.4 % ᠪᠡᠷ ᠨᠡᠮᠡᠭᠳᠡᠵᠤ᠂ ᠨᠡᠮᠡᠭᠳᠡᠯ ᠨᠢ ᠦᠩᠭᠡᠷᠡᠭᠰᠡᠨ ᠡᠭᠡᠯᠵᠢ ᠶᠢᠨ ᠬᠢ ᠳᠠᠢ ᠬᠠᠷᠢᠴᠠᠭᠤᠯᠪᠠᠯ 0.2  ᠵᠠᠭᠤᠨ ᠤ ᠬᠠᠷᠢᠴᠠᠯ ᠢᠶᠡᠷ ᠲᠦᠷᠭᠡᠰᠪᠡ᠃ ᠤᠷᠤᠨ ᠳᠠᠶᠠᠭᠠᠷ ᠤᠨ ᠪᠠᠷᠠᠭ᠎ᠠ ᠳᠡᠭᠡᠭᠡᠪᠦᠷᠢᠯᠡᠯᠳᠡ ᠵᠢᠨ ᠬᠡᠮᠵᠢᠶ᠎ᠠ ᠦᠨᠦ ᠵᠢᠯ ᠤᠨ 2 ᠰᠠᠷ᠎ᠠ ᠡᠴᠡ ᠨᠠᠰᠢ 8 ᠰᠠᠷ᠎ᠠ ᠲᠠᠷᠠᠭᠠᠯᠡᠨ ᠬᠤᠶᠠᠷ ᠤᠷᠤᠨᠳᠤ ᠳᠤᠭᠠᠨ ᠤ ᠨᠡᠮᠡᠭᠳᠡᠯ ᠢ ᠪᠡᠶᠡᠯᠡᠬᠦᠯᠦᠭᠰᠡᠨ ᠮᠦᠷᠳᠡᠭᠡᠨ ᠰᠠᠷ᠎ᠠ ᠳᠠᠷᠠᠭᠠᠯᠠᠨ ᠨᠡᠮᠡᠭᠳᠡᠪᠡ᠃ ᠲᠦᠷᠦᠬᠦᠦ ᠭᠤᠷᠪᠠᠨ ᠰᠠᠷ᠎ᠠ ᠳ᠋ᠤ᠂ ᠦᠪᠦᠷ ᠮᠣᠩᠭᠣᠯ ᠤᠨ ᠪᠠᠷᠠᠭ᠎ᠠ ᠳᠡᠭᠡᠭᠡᠪᠦᠷᠢᠯᠡᠯᠳᠡ ᠵᠢᠨ ᠬᠡᠮᠵᠢᠶ᠎ᠠ 16.89 ᠳ᠋ᠦᠨᠭᠰᠢᠭᠤᠷ ᠳᠤᠨ ᠢ ᠪᠡᠶᠡᠯᠡᠬᠦᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 15.0% ᠢ᠋᠋ᠶᠡᠷ ᠨᠡᠮᠡᠭᠳᠡᠵᠤ᠂ ᠨᠡᠮᠡᠭᠳᠡᠯ ᠨᠢ ᠦᠩᠭᠡᠷᠡᠭᠰᠡᠨ ᠡᠭᠡᠯᠵᠢ ᠶᠢᠨ ᠬᠢ ᠳᠠᠢ ᠬᠠᠷᠢᠴᠠᠭᠤᠯᠪᠠᠯ 1.3 ᠵᠠᠭᠤᠨ ᠤ ᠬᠠᠷᠢᠴᠠᠯ ᠢᠶᠡᠷ ᠲᠦᠷᠭᠡᠰᠪᠡ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122016311