蒙古文网站Logo
ᠰᠢᠨᠬᠤᠸᠠ ᠮᠤᠩᠭ᠋ᠤᠯ ᠨᠧᠲ

1-10 ᠰᠠᠷ᠎ᠠ ᠳᠤ ᠦᠪᠦᠷ ᠮᠣᠩᠭᠣᠯ ᠤᠨ ᠨᠡᠭᠦᠷᠡᠰᠦᠨ ᠤ ᠭᠠᠷᠤᠯᠳᠠ 7.28 ᠳ᠋ᠦᠩᠰᠢᠭᠤᠷ ᠲᠤᠨ ᠳᠤ ᠬᠦᠷᠴᠤ ᠦᠩᠭᠡᠷᠡᠭᠰᠡᠨ ᠤᠨ ᠤ ᠮᠦᠨ ᠦᠶ᠎ᠠ ᠡᠴᠡ 10.6% ᠪᠡᠷ ᠨᠡᠮᠡᠭᠳᠡᠪᠠ

2017-12-04 18:22

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠰᠤᠷᠠᠭ ᠵᠠᠩᠭᠢᠵᠢᠯᠲᠠ ᠶᠢᠨ ᠵᠦᠪᠯᠡᠯ ᠡᠴᠡ ᠤᠶᠢᠯᠠᠭᠠᠭᠰᠠᠨ ᠢᠶᠡᠷ᠂ ᠦᠨᠦ ᠵᠢᠯ ᠡᠴᠡ ᠨᠠᠰᠢ᠂ ᠦᠪᠦᠷ ᠮᠣᠩᠭᠣᠯ ᠤᠨ ᠨᠡᠭᠦᠷᠡᠰᠦᠨ ᠤ ᠭᠠᠷᠤᠯᠲᠠ ᠲᠤᠭᠲᠠᠭᠤᠨ ᠦᠰᠦᠯᠲᠠ ᠲᠠᠢ ᠪᠦᠭᠡᠳ ᠦᠨ᠎ᠠ ᠬᠠᠩᠰᠢ ᠨᠢ ᠨᠡᠯᠢᠶᠡᠳ ᠰᠠᠶᠢᠨ ᠲᠦᠪᠰᠢᠨ ᠢᠶᠡᠨ ᠪᠠᠲᠤᠯᠠᠵᠤ᠂ ᠡᠳ᠋ ᠤᠨ ᠵᠠᠰᠠᠭ ᠤᠨ ᠦᠷ᠎ᠠ ᠠᠰᠢᠭ ᠦᠷᠭᠦᠯᠵᠢᠯᠡᠨ ᠰᠠᠶᠢᠵᠢᠷᠠᠵᠤ᠂ ᠠᠶᠤᠯᠭᠦᠢ ᠦᠢᠯᠡᠳᠪᠦᠷᠢᠯᠡᠯ ᠶᠡᠷᠦᠩᠬᠡᠢ ᠳᠤ ᠪᠡᠨ ᠲᠤᠭᠲᠠᠭᠤᠨ ᠪᠠᠶᠢᠯ᠎ᠠ᠃ ᠤᠷᠤᠨ ᠳᠠᠶᠠᠭᠠᠷ ᠤᠨ ᠨᠡᠭᠦᠷᠡᠰᠦᠨ ᠤ ᠡᠳ᠋ ᠤᠨ ᠵᠠᠰᠠᠭ ᠤᠨ ᠡᠵᠡᠩᠨᠡᠯᠲᠡ ᠰᠠᠶᠢᠵᠢᠷᠠᠪᠠ᠃ 1-10 ᠰᠠᠷ᠎ᠠ ᠪᠤᠯᠲᠠᠯ᠎ᠠ᠂ ᠤᠷᠤᠨ ᠳᠠᠶᠠᠭᠠᠷ ᠤᠨ ᠨᠡᠭᠦᠷᠡᠰᠦᠨ ᠤ ᠭᠠᠷᠤᠯᠳᠠ 7.28 ᠳ᠋ᠦᠩᠰᠢᠭᠤᠷ ᠲᠤᠨ ᠳᠤ ᠬᠦᠷᠴᠤ ᠦᠩᠭᠡᠷᠡᠭᠰᠡᠨ ᠤᠨ ᠤ ᠮᠦᠨ ᠦᠶ᠎ᠠ ᠡᠴᠡ 10.6% ᠪᠡᠷ ᠨᠡᠮᠡᠭᠳᠡᠵᠠᠢ᠂ ᠰᠠᠷ᠎ᠠ ᠶᠢᠨ ᠳᠤᠮᠳᠠᠴᠢ ᠭᠠᠷᠤᠯᠲᠠ ᠨᠢ 7284 ᠲᠦᠮᠡᠨ ᠲᠤᠨ ᠳᠤ ᠬᠦᠷᠴᠤ ᠪᠤᠢ᠃

    1-10 ᠰᠠᠷ᠎ᠠ ᠳᠤ᠂ ᠤᠷᠤᠨ ᠳᠠᠶᠠᠭᠠᠷ ᠨᠢᠭᠡᠨᠲᠡ 7.5 ᠳ᠋ᠦᠩᠰᠢᠭᠤᠷ ᠲᠤᠨ ᠨᠡᠭᠦᠷᠡᠰᠦ ᠪᠤᠷᠤᠯᠠᠭᠤᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 11% ᠪᠡᠷ ᠨᠡᠮᠡᠭᠳᠡᠪᠡ᠃ ᠡᠭᠦᠨ ᠳᠤ᠂ 4.1 ᠳ᠋ᠦᠩᠰᠢᠭᠤᠷ ᠲᠤᠨ ᠢ ᠤᠷᠤᠨ ᠤ ᠭᠠᠳᠠᠨ᠎ᠠ ᠪᠤᠷᠤᠯᠠᠭᠤᠯᠵᠤ᠂ 15% ᠪᠡᠷ ᠨᠡᠮᠡᠭᠳᠡᠨ᠂ ᠶᠡᠷᠦᠩᠬᠡᠢ ᠪᠤᠷᠤᠯᠠᠭᠤᠯᠤᠭᠰᠠᠨ ᠬᠡᠮᠵᠢᠶᠠᠨ ᠤ 55% ᠶ᠋ᠢ ᠡᠵᠡᠯᠡᠪᠡ᠃ ᠤᠷᠤᠨ ᠤ ᠳᠤᠲᠤᠭᠠᠳᠤ ᠳᠤ 3.4 ᠳ᠋ᠦᠩᠰᠢᠭᠤᠷ ᠲᠤᠨ ᠪᠤᠷᠤᠯᠠᠭᠤᠯᠵᠤ᠂ 7% ᠪᠡᠷ ᠨᠡᠮᠡᠭᠳᠡᠵᠠᠢ᠂ ᠡᠭᠦᠨ ᠳᠤ ᠴᠠᠬᠢᠯᠭᠠᠨ ᠬᠦᠴᠦᠨ ᠤ ᠦᠢᠯᠡᠰ 1.85 ᠳ᠋ᠦᠩᠰᠢᠭᠤᠷ ᠲᠤᠨ ᠵᠠᠷᠤᠴᠠᠭᠤᠯᠵᠤ᠂ 10% ᠪᠡᠷ ᠨᠡᠮᠡᠭᠳᠡᠪᠡ᠃

    1-10 ᠰᠠᠷ᠎ ᠳᠤ᠂ ᠤᠷᠤᠨ ᠳᠠᠶᠠᠭᠠᠷ ᠤᠨ ᠨᠡᠭᠦᠷᠡᠰᠦᠨ ᠦᠨ᠎ᠠ ᠶᠡᠷᠦᠩᠬᠡᠢ ᠳᠤ ᠪᠡᠨ ᠲᠤᠭᠲᠠᠭᠤᠨ ᠪᠠᠶᠢᠯ᠎ᠠ᠃ 10 ᠰᠠᠷ᠎ᠠ ᠳᠤ ᠨᠡᠭᠦᠷᠡᠰᠤᠨ ᠤ ᠠᠭᠤᠷᠬᠠᠢ ᠡᠴᠡ ᠭᠠᠷᠭᠠᠬᠤ ᠦᠨ᠎ᠠ ᠲᠤᠨ ᠪᠦᠷᠢ ᠳᠤ ᠪᠡᠨ 277 ᠲᠦᠬᠦᠷᠢᠭ᠌ ᠲᠤ ᠬᠦᠷᠴᠤ ᠦᠩᠭᠡᠷᠡᠭᠰᠡᠨ ᠡᠭᠡᠯᠵᠢ ᠶᠢᠨ ᠬᠢ ᠡᠴᠡ ᠲᠤᠨ ᠪᠦᠷᠢ ᠳᠤ ᠪᠡᠨ 6 ᠲᠦᠬᠦᠷᠢᠭ᠌ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ ᠲᠤᠨ ᠪᠦᠷᠢ ᠳᠤ ᠪᠡᠨ 50 ᠲᠦᠬᠦᠷᠢᠭ᠌ ᠦᠰᠪᠠ᠃ ᠡᠭᠦᠨ ᠳᠤ᠂ ᠤᠷᠳᠤᠰ ᠤᠨ ᠦᠨᠳᠦᠷ ᠳᠤᠯᠠᠭᠠᠯᠭ᠎ᠠ ᠶᠢᠨ ᠬᠡᠮᠵᠢᠭᠳᠡᠯᠲᠤ ᠰᠢᠲᠠᠭᠠᠯᠭ᠎ᠠ ᠶᠢᠨ ᠨᠡᠭᠦᠷᠡᠰᠤ ᠲᠤᠨ ᠪᠦᠷᠢ ᠳᠤ ᠪᠡᠨ 410 ᠲᠦᠬᠦᠷᠢᠭ᠌ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ ᠲᠤᠨ ᠪᠦᠷᠢ ᠳᠤ ᠪᠡᠨ 33 ᠲᠦᠬᠦᠷᠢᠭ᠌ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ ᠲᠤᠨ ᠪᠦᠷᠢ ᠳᠤ ᠪᠡᠨ 85 ᠲᠦᠬᠦᠷᠢᠭ᠌ ᠦᠰᠦᠭᠰᠡᠨ ᠪᠠᠶᠢᠨ᠎ᠠ᠃ ᠦᠪᠦᠷ ᠮᠣᠩᠭᠣᠯ ᠤᠨ ᠵᠡᠭᠦᠨ ᠪᠦᠰᠡ ᠨᠤᠲᠤᠭ ᠤᠨ ᠬᠦᠷᠡᠩ ᠨᠡᠭᠦᠷᠡᠰᠦᠨ ᠤ ᠦᠨ᠎ᠠ ᠲᠤᠨ ᠪᠦᠷᠢ ᠳᠤ ᠪᠡᠨ 181 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 3 ᠲᠦᠬᠦᠷᠢᠭ᠌ ᠪᠠᠭᠤᠷᠠᠵᠤ᠂ ᠦᠩᠭᠡᠷᠡᠭᠰᠡᠨ ᠤᠨ ᠤ ᠮᠦᠨ ᠦᠶ᠎ᠠ ᠡᠴᠡ ᠲᠤᠨ ᠪᠦᠷᠢ ᠳᠤ ᠪᠡᠨ 39 ᠲᠦᠬᠦᠷᠢᠭ᠌ ᠦᠰᠴᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122054570