蒙古文网站Logo
ᠰᠢᠨᠬᠤᠸᠠ ᠮᠤᠩᠭ᠋ᠤᠯ ᠨᠧᠲ

1-11 ᠰᠠᠷ᠎ᠠ ᠬᠦᠷᠲᠡᠯᠡᠬᠢ ᠬᠡᠪᠴᠢᠶᠡᠵᠢᠭᠰᠡᠨ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠶᠡᠷᠦᠩᠬᠡᠢ ᠤᠷᠤᠯᠭ᠎ᠠ 21.9% ᠪᠡᠷ ᠨᠡᠮᠡᠭᠳᠡᠵᠡᠢ

2017-12-27 20:34

    ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠮᠡᠳᠡᠭᠡ ᠵᠢ ᠦᠨᠳᠦᠰᠦᠯᠡᠪᠡᠯ᠂ 1-11 ᠰᠠᠷ᠎ᠠ ᠳᠤ ᠮᠠᠨ ᠤ ᠤᠯᠤᠰ ᠤᠨ ᠬᠡᠪᠴᠢᠶᠡᠵᠢᠭᠰᠡᠨ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠶᠡᠷᠦᠩᠬᠡᠢ ᠤᠷᠤᠯᠭ᠎ᠠ 68750.1 ᠳ᠋ᠦᠩᠰᠢᠭᠤᠷ ᠲᠦᠭᠦᠷᠢᠭ᠌ ᠬᠦᠷᠴᠦ᠂ ᠦᠩᠭᠡᠷᠡᠭᠰᠡᠨ ᠤᠨ ᠤ ᠮᠦᠨ ᠦᠶ᠎ᠡ ᠡᠴᠡ ᠪᠠᠨ 21.9% ᠪᠡᠷ ᠨᠡᠮᠡᠭᠳᠡᠵᠦ᠂ ᠦᠰᠦᠯᠲᠡ ᠶᠢᠨ ᠬᠤᠷᠳᠤᠴᠠ ᠨᠢ 1-10 ᠰᠠᠷ᠎ᠠ ᠡᠴᠡ ᠪᠠᠨ 1.4 ᠵᠠᠭᠤᠨ ᠤ ᠨᠢᠭᠡᠴᠢ ᠪᠡᠷ ᠤᠳᠠᠭᠠᠰᠢᠷᠠᠬᠰᠠᠨ ᠪᠠᠶᠢᠨ᠎ᠠ᠃

    ᠡᠭᠦᠨ ᠳᠤ᠂ ᠪᠦᠬᠦᠶᠢᠯᠡ ᠬᠡᠪᠴᠢᠶᠡᠵᠢᠭᠰᠡᠨ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠲᠤᠳᠤᠷ᠎ᠠ ᠡᠴᠡ ᠤᠯᠤᠰ ᠤᠨ ᠬᠤᠪᠢᠴᠠᠭ᠎ᠠ ᠡᠵᠡᠮᠰᠢᠯᠲᠤ ᠠᠵᠦ ᠠᠬᠤᠶᠢᠯᠠᠯ ᠤᠨ ᠪᠡᠶᠡᠯᠡᠭᠦᠯᠦᠭᠰᠡᠨ ᠤᠷᠤᠯᠭ᠎ᠠ 15757.4 ᠳ᠋ᠦᠩᠰᠢᠭᠤᠷ ᠲᠦᠭᠦᠷᠢᠭ᠌᠂ 46.2% ᠢ᠋ᠶᠡᠷ ᠨᠡᠮᠡᠭᠳᠡᠵᠦ᠂ ᠬᠠᠮᠲᠤ ᠶᠢᠨ ᠦᠮᠴᠢᠯᠡᠯᠲᠤ ᠠᠵᠦ ᠠᠬᠤᠶᠢᠯᠠᠯ ᠤᠨ ᠪᠡᠶᠡᠯᠡᠭᠦᠯᠦᠭᠰᠡᠨ ᠤᠷᠤᠯᠭ᠎ᠠ 368 ᠳ᠋ᠦᠩᠰᠢᠭᠤᠷ ᠲᠦᠭᠦᠷᠢᠭ᠌᠂ 8.2% ᠢ᠋ᠶᠡᠷ ᠨᠡᠮᠡᠭᠳᠡᠨ᠂ ᠬᠤᠪᠢ ᠤᠷᠤᠭᠤᠯᠤᠬᠰᠠᠨ ᠠᠵᠦ ᠠᠬᠤᠶᠢᠯᠠᠯ ᠤᠨ ᠪᠡᠶᠡᠯᠡᠭᠦᠯᠦᠭᠰᠡᠨ ᠤᠷᠤᠯᠭ᠎ᠠ 48019.5 ᠳ᠋ᠦᠩᠰᠢᠭᠤᠷ ᠲᠦᠭᠦᠷᠢᠭ᠌᠂ 23.9% ᠪᠡᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠳ ᠵᠢᠴᠢ ᠰᠢᠶᠠᠩᠭ᠋ᠠᠩ ᠤᠤᠮᠧᠨ ᠲᠠᠶᠢᠸᠠᠨ ᠤ ᠬᠤᠳᠠᠯᠳᠤᠭᠠᠴᠢᠳ ᠤᠨ ᠬᠦᠷᠦᠩᠭᠡ ᠤᠷᠤᠭᠤᠯᠤᠬᠰᠠᠨ ᠠᠵᠦ ᠠᠬᠤᠶᠢᠯᠠᠯ ᠤᠨ ᠪᠡᠶᠡᠯᠡᠭᠦᠯᠦᠭᠰᠡᠨ ᠤᠷᠤᠯᠭ᠎ᠠ 16842.9 ᠳ᠋ᠦᠩᠰᠢᠭᠤᠷ ᠲᠦᠭᠦᠷᠢᠭ᠌᠂ 17.5% ᠪᠡᠷ ᠨᠡᠮᠡᠭᠳᠡᠭᠰᠡᠨ ᠪᠠ ᠬᠤᠪᠢ ᠶᠢᠨ ᠠᠵᠦ ᠠᠬᠤᠶᠢᠯᠠᠯ ᠤᠨ ᠪᠡᠶᠡᠯᠡᠭᠦᠯᠦᠭᠰᠡᠨ ᠤᠷᠤᠯᠭ᠎ᠠ 21943.6 ᠳ᠋ᠦᠩᠰᠢᠭᠤᠷ ᠲᠦᠭᠦᠷᠢᠭ᠌ ᠬᠦᠷᠴᠦ᠂ 2.7% ᠪᠡᠷ ᠨᠡᠮᠡᠭᠳᠡᠵᠡᠢ᠃

    1-11 ᠳ᠋ᠤᠭᠡᠷ ᠰᠠᠷ᠎ᠠ ᠬᠦᠷᠲᠡᠯ᠎ᠡ ᠠᠭᠤᠷᠬᠠᠢ ᠶᠢᠨ ᠦᠢᠯᠡᠰ ᠤᠨ ᠪᠡᠶᠡᠯᠡᠭᠦᠯᠦᠭᠰᠡᠨ ᠤᠷᠤᠯᠭ᠎ᠠ 4434 ᠳ᠋ᠦᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠡ ᠡᠴᠡ ᠪᠠᠨ 2 ᠳᠠᠬᠢᠨ ᠢᠶᠡᠷ ᠨᠡᠮᠡᠭᠳᠡᠵᠦ᠂ ᠦᠢᠯᠡᠳᠪᠦᠷᠢᠯᠡᠬᠦ ᠦᠢᠯᠡᠰ ᠤᠨ ᠪᠡᠶᠡᠯᠡᠭᠦᠯᠦᠭᠰᠡᠨ ᠤᠷᠤᠯᠭ᠎ᠠ 60416.1 ᠳ᠋ᠦᠩᠰᠢᠭᠤᠷ ᠲᠦᠭᠦᠷᠢᠭ᠌᠂ 18.9% ᠪᠡᠷ ᠨᠡᠮᠡᠭᠳᠡᠨ᠂ ᠴᠠᠬᠢᠯᠭᠠᠨ ᠡᠷᠴᠢᠮ ᠬᠦᠴᠦ᠂ ᠳᠤᠯᠠᠭᠠᠨ ᠤ ᠡᠷᠴᠢᠮ ᠬᠦᠴᠦ᠂ ᠰᠢᠲᠠᠮᠠᠬᠠᠢ ᠬᠡᠢ ᠵᠢᠴᠢ ᠤᠰᠤᠨ ᠤ ᠭᠠᠷᠤᠯᠲᠠ ᠪᠤᠯᠤᠨ ᠬᠠᠨᠭᠭᠠᠯᠲᠠ ᠶᠢᠨ ᠦᠢᠯᠡᠰ ᠤᠨ ᠪᠡᠶᠡᠯᠡᠭᠦᠯᠦᠭᠰᠡᠨ ᠤᠷᠤᠯᠭ᠎ᠠ 3900 ᠳ᠋ᠦᠩᠰᠢᠭᠤᠷ ᠲᠦᠭᠦᠷᠢᠭ᠌ ᠬᠦᠷᠴᠣ᠂ 12.8% ᠪᠡᠷ ᠪᠠᠭᠤᠷᠠᠵᠠᠢ᠃

    ᠡᠭᠦᠨ ᠳᠤ᠂ ᠬᠡᠪᠴᠢᠶᠡᠵᠢᠭᠰᠡᠨ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠭᠠᠬᠴᠠᠬᠦ 11 ᠳ᠋᠋ᠤᠭᠡᠷ ᠰᠠᠷ᠎ᠠ ᠶᠢᠨ ᠪᠡᠶᠡᠯᠡᠭᠦᠯᠦᠭᠰᠡᠨ ᠶᠡᠷᠦᠩᠬᠡᠢ ᠤᠷᠤᠯᠭ᠎ᠠ 7858.2 ᠳ᠋ᠦᠩᠰᠢᠭᠤᠷ ᠲᠦᠭᠦᠷᠢᠭ᠌ ᠲᠤ ᠬᠦᠷᠴᠦ᠂ 14.9% ᠢ᠋ᠶᠡᠷ ᠨᠡᠮᠡᠭᠳᠡᠨ᠂ ᠦᠰᠦᠯᠲᠡ ᠶᠢᠨ ᠬᠤᠷᠳᠤᠴᠠ 10 ᠳ᠋ᠤᠭᠠᠷ ᠰᠠᠷ᠎ᠠ ᠡᠴᠡ ᠪᠠᠨ 10.2 ᠵᠠᠭᠤᠨ ᠤ ᠨᠢᠭᠡᠴᠢ ᠪᠠᠭᠤᠷᠠᠬᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122174801