蒙古文网站Logo
ᠰᠢᠨᠬᠤᠸᠠ ᠮᠤᠩᠭ᠋ᠤᠯ ᠨᠧᠲ

ᠪᠤᠯᠪᠠᠰᠤᠷᠠᠭᠤᠯᠤᠬᠰᠠᠨ ᠲᠤᠰᠤᠨ ᠤ ᠦᠨ᠎ᠡ  ᠳᠤ 11 ᠳ᠋ᠡᠬᠢ ᠤᠳᠠᠭ᠎ᠠ ᠶᠢᠨ ᠲᠤᠬᠢᠷᠠᠭᠤᠯᠤᠯᠲᠠ ᠬᠢᠯ᠎ᠡ

2017-12-29 11:29

    ᠰᠤᠷᠪᠤᠯᠵᠢᠯᠠᠬᠴᠢ ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠡᠴᠡ ᠤᠶᠢᠯᠠᠭᠠᠬᠰᠠᠨ ᠢᠶᠡᠷ᠂ 12 ᠰᠠᠷ᠎ᠠ ᠶᠢᠨ 29 ᠤ ᠡᠳᠦᠷ ᠤᠨ 0 ᠴᠠᠬ ᠲᠤ ᠴᠢᠶ‍ᠢᠤ ᠴᠠᠶᠢᠶ‍ᠢᠤ ᠲᠤᠰᠤᠨ ᠤ ᠦᠨ᠎ᠡ ᠳᠤ ᠲᠤᠬᠢᠷᠠᠭᠤᠯᠤᠯᠲᠠ ᠬᠢᠵᠦ᠂ ᠳᠤᠨ ᠪᠦᠷᠢ ᠳᠤ ᠠᠳᠠᠯᠢᠬᠠᠨ 70 ᠲᠦᠭᠦᠷᠢᠭ ᠦᠰᠦᠭᠰᠡᠨ ᠪᠠᠶᠢᠨ᠎ᠠ᠃ ᠲᠤᠰ ᠤᠳᠠᠭᠠᠨ ᠤ ᠲᠤᠬᠢᠷᠠᠭᠤᠯᠤᠯᠲᠠ ᠨᠢ ᠡᠨᠡ ᠤᠨ ᠤ ᠬᠠᠮᠤᠬ ᠤᠨ ᠡᠴᠦᠰ ᠤᠨ ᠲᠤᠬᠢᠷᠠᠭᠤᠯᠤᠯᠲᠠ ᠪᠠᠶᠢᠵᠦ᠂ ᠡᠨᠡ ᠤᠨ ᠳᠤ ᠪᠤᠯᠪᠠᠰᠤᠷᠠᠭᠤᠯᠤᠬᠰᠠᠨ ᠲᠤᠰᠤᠨ ᠤ ᠦᠨ᠎ᠡ ᠠᠷᠪᠠᠨ ᠨᠢᠭᠡ ᠤᠳᠠᠭ᠎ᠠ ᠦᠰᠴᠦ᠂ ᠵᠢᠷᠭᠤᠭ᠎ᠠ ᠤᠳᠠᠭ᠎ᠠ ᠪᠠᠭᠤᠷᠠᠨ᠂ 8 ᠤᠳᠠᠭ᠎ᠠ ᠬᠤᠪᠢᠷᠠᠯᠲᠠ ᠦᠭᠡᠢ ᠪᠠᠶᠢᠳᠠᠯ ᠢᠯᠡᠷᠡᠵᠡᠢ᠃

    ᠪᠡᠭᠡᠵᠢᠩ ᠬᠤᠲᠠ ᠶᠢᠨ 92 # ᠴᠢᠶ‍ᠢᠤ ᠲᠤᠰᠤᠨ ᠤ ᠦᠨ᠎ᠡ ᠯᠢᠲ᠋ᠧᠷ ᠪᠦᠷᠢ ᠳᠤ 6.84 ᠲᠦᠭᠦᠷᠢᠭ ᠪᠤᠯᠵᠦ᠂ ᠭᠡᠷ ᠪᠦᠯᠢ ᠳᠤ ᠬᠡᠷᠡᠭᠯᠡᠳᠡᠭ ᠶᠡᠷᠦ ᠶᠢᠨ 50 ᠯᠢᠲ᠋ᠧᠷ  ᠤᠨ ᠲᠤᠰᠤᠨ ᠤ ᠪᠠᠬᠲᠠᠭᠠᠮᠵᠢ ᠲᠠᠢ ᠮᠠᠰᠢᠨ ᠨᠢᠭᠡ ᠤᠳᠠᠭ᠎ᠠ ᠲᠤᠰᠤ ᠳᠦᠭᠦᠷᠭᠡᠨ ᠨᠡᠮᠡᠬᠦ ᠳᠤ ᠤᠤᠯ ᠡᠴᠡ ᠪᠠᠨ 2.5 ᠲᠦᠭᠦᠷᠢᠭ ᠢᠯᠡᠬᠦᠦ ᠵᠠᠷᠤᠴᠠᠭᠤᠯᠤᠨ᠎ᠠ᠃ ᠳᠠᠷᠠᠭ᠎ᠠ ᠤᠳᠠᠭ᠎ᠠ ᠶᠢᠨ ᠲᠤᠬᠢᠷᠠᠭᠤᠯᠤᠯᠲᠠ ᠨᠢ 2018 ᠤᠨ ᠤ 1 ᠰᠠᠷ᠎ᠠ ᠶᠢᠨ 12  ᠤᠨ ᠡᠳᠦᠷ ᠤᠨ 0 ᠴᠠᠬ ᠲᠤ ᠪᠤᠯᠤᠨ᠎ᠠ᠃  

2017 ᠤᠨ ᠤ ᠪᠤᠯᠪᠠᠰᠤᠷᠠᠭᠤᠯᠤᠬᠰᠠᠨ ᠲᠤᠰᠤᠨ ᠤ ᠦᠨ᠎ᠡ ᠳᠤ ᠲᠤᠬᠢᠷᠠᠭᠤᠯᠤᠯᠲᠠ ᠬᠢᠭᠰᠡᠨ ᠪᠠᠶᠢᠳᠠᠯ

ᠢᠷᠡᠯᠳᠡ᠄ ᠰᠢᠨ ᠵᠢᠩ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122184341