蒙古文网站Logo
ᠰᠢᠨᠬᠤᠸᠠ ᠮᠤᠩᠭ᠋ᠤᠯ ᠨᠧᠲ

1-11 ᠰᠠᠷ᠎ᠠ  ᠳᠤ ᠬᠠᠳᠠᠭᠠᠯᠠᠬᠰᠠᠨ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠯᠠᠯ ᠮᠦᠩᠭᠦ 16922 ᠳ᠋ᠦᠩᠰᠢᠭᠤᠷ ᠲᠦᠭᠦᠷᠢᠭ ᠬᠦᠷᠴᠡᠢ

2017-12-29 11:32

    ᠰᠢᠨᠬᠤᠸᠠ ᠬᠤᠷᠢᠶ᠎ᠠ  ᠪᠡᠭᠡᠵᠢᠩ ᠤᠨ 12 ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ(ᠸᠠᠩ ᠿᠢ ᠴᠧᠨ) ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠤᠬ ᠰᠢᠨ᠎ᠡ ᠪᠡᠷ ᠨᠡᠶᠢᠲᠡᠯᠡᠭᠰᠡᠨ 2017 ᠤᠨ ᠤ 11 ᠳ᠋ᠤᠭᠡᠷ ᠰᠠᠷ᠎ᠠ ᠳᠡᠬᠢ ᠤᠯᠤᠰ ᠤᠨ ᠬᠡᠪᠴᠢᠶᠡᠨ ᠤ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠯᠠᠯ ᠮᠦᠩᠭᠦ ᠶᠢᠨ ᠡᠷᠭᠢᠯᠲᠡ ᠶᠢᠨ ᠪᠠᠶᠢᠳᠠᠯ ᠤᠨ ᠲᠤᠬᠠᠢ ᠮᠡᠳᠡᠭᠡᠯᠡᠯ ᠢ ᠦᠨᠳᠦᠰᠦᠯᠡᠪᠡᠯ᠂ 1-11 ᠰᠠᠷ᠎ᠠ ᠪᠤᠯᠲᠠᠯ᠎ᠠ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠯᠠᠯ ᠮᠦᠩᠭᠦ ᠶᠢᠨ ᠬᠠᠳᠠᠭᠠᠯᠠᠬᠰᠠᠨ ᠲᠤᠭ᠎ᠠ 16922 ᠳ᠋ᠦᠩᠰᠢᠭᠤᠷ ᠲᠦᠭᠦᠷᠢᠭ ᠬᠦᠷᠴᠦ᠂ ᠭᠠᠷᠭᠠᠵᠦ ᠠᠪᠤᠬᠰᠠᠨ ᠲᠤᠭ᠎ᠠ 11513 ᠳ᠋ᠦᠩᠰᠢᠭᠤᠷ ᠲᠦᠭᠦᠷᠢᠭ ᠬᠦᠷᠦᠭᠰᠡᠨ ᠪᠠ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ 8778 ᠳ᠋ᠦᠩᠰᠢᠭᠤᠷ ᠲᠦᠭᠦᠷᠢᠭ ᠬᠦᠷᠴᠡᠢ᠃

    ᠪᠦᠷᠢᠳᠬᠡᠯ ᠢ ᠦᠨᠳᠦᠰᠦᠯᠡᠪᠡᠯ᠂ 11 ᠳ᠋ᠤᠭᠡᠷ ᠰᠠᠷ᠎ᠠ ᠶᠢᠨ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠯᠠᠯ ᠮᠦᠩᠭᠦ ᠶᠢᠨ ᠬᠠᠳᠠᠭᠠᠯᠠᠬᠰᠠᠨ ᠲᠤᠭ᠎ᠠ 1619 ᠳ᠋ᠦᠩᠰᠢᠭᠤᠷ ᠲᠦᠭᠦᠷᠢᠭ᠂ ᠭᠠᠷᠭᠠᠵᠦ ᠠᠪᠤᠬᠰᠠᠨ ᠲᠤᠭ᠎ᠠ 1184 ᠳ᠋ᠦᠩᠰᠢᠭᠤᠷ ᠲᠦᠭᠦᠷᠢᠭ ᠪᠠ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ 901 ᠳ᠋ᠦᠩᠰᠢᠭᠤᠷ ᠲᠦᠭᠦᠷᠢᠭ ᠬᠦᠷᠴᠡᠢ᠃

    2017 ᠤᠨ ᠤ 11 ᠳ᠋ᠤᠭᠡᠷ ᠰᠠᠷ᠎ᠠ ᠶᠢᠨ ᠰᠡᠭᠦᠯᠴᠢ ᠪᠤᠯᠲᠠᠯ᠎ᠠ᠂ ᠤᠯᠤᠰ ᠤᠨ ᠬᠡᠪᠴᠢᠶᠡᠨ ᠳᠡᠬᠢ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠯᠠᠯ ᠮᠦᠩᠭᠦ ᠶᠢᠨ ᠬᠠᠳᠠᠭᠠᠯᠠᠬᠰᠠᠨ ᠶᠡᠷᠦᠩᠭᠡᠢ ᠲᠤᠭ᠎ᠠ 12.3 ᠳ᠋ᠦᠩᠰᠢᠭᠤᠷ ᠲᠦᠭᠦᠷᠢᠭ᠂ ᠡᠭᠦᠨ ᠳᠤ ᠭᠠᠷᠭᠠᠵᠦ ᠠᠪᠤᠬᠰᠠᠨ ᠨᠢ 7.2 ᠳ᠋ᠦᠩᠰᠢᠭᠤᠷ ᠲᠦᠭᠦᠷᠢᠭ᠂ ᠦᠯᠡᠳᠡᠵᠦ ᠪᠠᠶᠢᠭ᠎ᠠ ᠨᠢ 5.1 ᠳ᠋ᠦᠩᠰᠢᠭᠤᠷ ᠲᠦᠭᠦᠷᠢᠭ ᠪᠤᠯᠤᠨ᠎ᠠ᠃ ᠬᠤᠪᠢ ᠬᠦᠮᠦᠨ ᠤ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠯᠠᠯ ᠮᠦᠩᠭᠦ ᠶᠢᠨ ᠵᠢᠭᠡᠯᠡᠯᠭᠡ 7.48 ᠳ᠋ᠦᠩᠰᠢᠭᠤᠷ ᠲᠦᠭᠦᠷᠢᠭ ᠲᠠᠯᠪᠢᠵᠦ᠂ ᠪᠤᠴᠠᠭᠠᠲᠤᠢ ᠵᠢᠭᠡᠯᠡᠯᠭᠡ ᠶᠢᠨ ᠮᠦᠩᠭᠦ 4.5 ᠳ᠋ᠦᠩᠰᠢᠭᠤᠷ ᠲᠦᠭᠦᠷᠢᠭ ᠂ ᠬᠤᠪᠢ ᠬᠦᠮᠦᠨ ᠤ ᠤᠷᠤᠨ ᠰᠠᠭᠤᠴᠠ ᠶᠢᠨ ᠵᠢᠬᠡᠯᠡᠯᠭᠡ ᠶᠢᠨ ᠦᠯᠡᠳᠡᠪᠦᠷᠢ ᠪᠠ ᠬᠠᠳᠠᠭᠠᠯᠠᠬᠰᠠᠨ ᠨᠡᠶᠢᠲᠡ ᠶᠢᠨ ᠬᠤᠷᠠᠮᠳᠤᠯᠠᠯ ᠮᠦᠩᠭᠦ ᠶᠢᠨ ᠦᠯᠡᠳᠡᠪᠦᠷᠢ ᠬᠤᠶᠠᠷ ᠤᠨ ᠬᠠᠷᠢᠴᠠᠯ 87.6%  ᠳ᠋ᠤ ᠬᠦᠷᠴᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122184393