蒙古文网站Logo
ᠰᠢᠨᠬᠤᠸᠠ ᠮᠤᠩᠭ᠋ᠤᠯ ᠨᠧᠲ

2017 ᠤᠨ ᠳᠤ ᠪᠡᠭᠡᠵᠢᠩ ᠬᠤᠲᠠ ᠶᠢᠨ ᠬᠠᠭᠤᠴᠢᠨ ᠭᠡᠷ ᠬᠤᠳᠠᠯᠳᠤᠭᠠᠯᠠᠬᠰᠠᠨ ᠬᠡᠮᠵᠢᠶ᠎ᠡ 50% ᠪᠡᠷ ᠪᠠᠭᠤᠷᠠᠪᠠ

2018-01-03 17:25

    ᠲᠡᠦᠭᠡᠨ ᠳᠡᠭᠡᠷᠡᠬᠢ ᠬᠠᠮᠤᠬ ᠤᠨ ᠬᠠᠲᠠᠭᠤ ᠨᠢᠭᠡ ᠰᠢᠷᠢᠰ ᠭᠡᠷ ᠬᠦᠷᠦᠩᠭᠡ ᠶᠢᠨ ᠲᠤᠬᠢᠷᠠᠭᠤᠯᠤᠯᠲᠠ ᠶᠢᠨ ᠪᠤᠳᠤᠯᠭ᠎ᠠ ᠶᠢᠨ ᠨᠦᠯᠦᠭᠡᠯᠡᠯ ᠢᠶᠡᠷ᠂ 2017 ᠤᠨ ᠳᠤ ᠭᠡᠷ ᠬᠦᠷᠦᠩᠭᠡ ᠶᠢᠨ ᠵᠠᠬ᠎᠎ᠠ ᠶᠢᠨ 8 ᠬᠤᠪᠢ ᠡᠴᠡ ᠳᠡᠭᠡᠭᠰᠢᠬᠢ ᠵᠢ ᠡᠵᠡᠯᠡᠬᠦ ᠪᠡᠭᠡᠵᠢᠩ ᠤᠨ ᠬᠠᠭᠤᠴᠢᠨ ᠭᠡᠷ ᠤᠨ ᠵᠠᠬ᠎ᠠ ᠶᠢᠨ ᠠᠷᠠᠯᠵᠢᠶᠠᠯᠠᠬᠰᠠᠨ ᠬᠡᠮᠵᠢᠶ᠎ᠡ ᠬᠠᠭᠠᠰ ᠢᠶᠡᠷ ᠬᠠᠰᠤᠬᠳᠠᠵᠦ᠂ ᠬᠤᠳᠠᠯᠳᠤᠬᠤ ᠦᠨ᠎ᠡ ᠨᠢ ᠵᠠᠯᠭᠠᠪᠡᠷ 8 ᠰᠠᠷ᠎ᠠ ᠪᠠᠭᠤᠷᠠᠨ᠂ ᠡᠨᠡᠬᠦ ᠲᠤᠬᠢᠷᠠᠭᠤᠯᠤᠯᠲᠠ ᠶᠢᠨ ᠪᠤᠳᠤᠯᠭ᠎ᠠ ᠶᠢᠨ ᠦᠷ᠎ᠡ ᠠᠰᠢᠬ ᠢ ᠤᠯᠠᠮ ᠪᠠᠲᠤᠲᠠᠢ ᠭᠡᠷᠡᠴᠢᠯᠡᠭᠰᠡᠨ ᠪᠠᠶᠢᠨ᠎ᠠ᠃

    2017 ᠤᠨ ᠳᠤ ᠪᠡᠭᠡᠵᠢᠩ ᠬᠤᠲᠠ ᠳᠤ ᠨᠡᠶᠢᠲᠡ 136237 ᠬᠠᠭᠤᠴᠢᠨ ᠭᠡᠷ ᠬᠤᠳᠠᠯᠳᠤᠵᠦ᠂ 2016 ᠤᠨ ( 2016 ᠤᠨ ᠳᠤ 27 ᠲᠦᠮᠡ ᠶᠢ ᠬᠤᠳᠠᠯᠳᠤᠪᠠ) ᠡᠴᠡ ᠪᠠᠨ 50% ᠪᠡᠷ ᠬᠠᠰᠤᠬᠳᠠᠬᠰᠠᠨ ᠢ ᠤᠯᠠᠩᠬᠢ ᠭᠡᠷ ᠬᠦᠷᠦᠩᠭᠡ ᠰᠤᠳᠤᠯᠬᠤ ᠪᠠᠶᠢᠭᠤᠯᠤᠮᠵᠢ ᠶᠢᠨ ᠨᠡᠶᠢᠲᠡᠯᠡᠭᠰᠡᠨ ᠳ᠋ᠠᠶᠢᠲ᠋ᠠ ᠡᠴᠡ ᠲᠤᠳᠤᠷᠠᠭᠤᠯᠵᠦ ᠪᠤᠯᠤᠨ᠎ᠠ᠃

    ᠡᠶᠢᠮᠦᠷᠬᠦ ᠪᠠᠭᠤᠷᠠᠯᠲᠠ ᠵᠢ ᠪᠤᠢ ᠪᠤᠯᠭᠠᠬᠰᠠᠨ ᠤ ᠰᠢᠭᠤᠳ ᠰᠢᠯᠲᠠᠭᠠᠨ ᠪᠤᠯ ᠳᠠᠷᠤᠢ ᠭᠡᠷ ᠬᠦᠷᠦᠩᠭᠡ ᠶᠢᠨ ᠲᠤᠬᠢᠷᠠᠭᠤᠯᠤᠯᠲᠠ ᠶᠢᠨ ᠪᠤᠳᠤᠯᠭ᠎ᠠ ᠶᠤᠮ᠃ ᠬᠤᠳᠠᠯᠳᠤᠨ ᠠᠪᠬᠤ ᠡᠷᠬᠡ ᠵᠢ ᠬᠢᠵᠠᠭᠠᠷᠯᠠᠬᠤ᠂ ᠬᠤᠶᠠᠷ ᠡᠴᠡ ᠳᠡᠭᠡᠭᠰᠢᠬᠢ ᠭᠡᠷ ᠲᠠᠢ ᠪᠡᠷ ᠲᠤᠭᠠᠴᠢᠬᠤ᠂ ᠭᠡᠷ ᠠᠪᠬᠤ ᠳᠤ ᠠᠩᠬ᠎ᠠ ᠲᠤᠰᠢᠶᠠᠬᠤ ᠮᠦᠩᠭᠦᠨ ᠤ ᠬᠠᠷᠢᠴᠠᠯ ᠢ ᠳᠡᠭᠡᠭᠰᠢᠯᠡᠭᠦᠯᠬᠦ᠂ ᠭᠡᠷ ᠬᠦᠷᠦᠩᠭᠡ ᠶᠢᠨ ᠵᠢᠭᠡᠯᠡᠯᠭᠡ ᠶᠢᠨ ᠬᠦᠦ ᠮᠦᠩᠭᠦ ᠵᠢ ᠦᠰᠭᠡᠭᠦ᠂ ᠬᠤᠳᠠᠯᠳᠤᠭᠠᠨ ᠤ ᠭᠡᠷ ᠪᠠᠶᠢᠰᠢᠩ ᠤᠨ ᠰᠤᠯᠢᠯᠴᠠᠭ᠎ᠠ ᠵᠢ ᠬᠢᠵᠠᠭᠠᠷᠯᠠᠬᠤ᠂ ᠤᠷᠤᠬ ᠰᠠᠯᠤᠬᠰᠠᠨ ᠬᠤᠶᠢᠨ᠎ᠠ ᠨᠢᠭᠡ ᠵᠢᠯ ᠤᠨ ᠲᠤᠳᠤᠷ᠎ᠠ ᠳᠠᠬᠢᠨ ᠭᠡᠷ ᠬᠤᠳᠠᠯᠳᠤᠨ ᠠᠪᠤᠪᠠᠯ ᠬᠤᠶᠠᠷ ᠭᠡᠷ ᠲᠠᠢ ᠪᠡᠷ ᠲᠤᠭᠠᠴᠢᠬᠤ ᠵᠡᠷᠭᠡ ᠨᠢᠭᠡ ᠰᠢᠷᠢᠰ ᠬᠠᠳᠠᠭᠤ ᠪᠤᠳᠤᠯᠭ᠎ᠠ ᠶᠢᠨ ᠨᠦᠯᠦᠭᠡᠯᠡᠯ ᠢᠶᠡᠷ ᠭᠡᠷ ᠬᠦᠷᠦᠩᠭᠡ ᠶᠢᠨ ᠠᠷᠠᠯᠵᠢᠶ᠎ᠠ ᠮᠠᠭᠤᠳᠠᠬᠤ ᠪᠠᠶᠢᠳᠠᠯ ᠲᠠᠢ ᠪᠤᠯᠤᠯ᠎ᠠ ᠭᠡᠵᠦ ᠨᠢᠭᠡ ᠭᠡᠷ ᠬᠦᠷᠦᠩᠭᠡ ᠰᠤᠳᠤᠯᠬᠤ ᠪᠠᠢᠶᠭᠤᠯᠤᠮᠵᠢ ᠶᠢᠨ ᠳᠡᠳ᠋ ᠶᠡᠷᠦᠩᠬᠡᠢ ᠵᠠᠬᠢᠷᠤᠯ ᠶᠠᠷᠢᠵᠦ ᠪᠠᠶᠢᠯ᠎ᠠ᠃

    ᠰᠤᠯᠢᠯᠴᠠᠭᠠᠨ ᠤ ᠪᠦᠲᠦᠴᠡ ᠡᠴᠡ ᠦᠵᠡᠪᠡᠯ᠂ ᠪᠠᠭ᠎ᠠ ᠲᠠᠯᠠᠪᠠᠢ ᠲᠠᠢ ᠭᠡᠷ ᠤᠨ ᠬᠤᠳᠠᠯᠳᠤᠬᠤ ᠬᠠᠷᠢᠴᠠᠯ ᠨᠡᠮᠡᠭᠳᠡᠵᠦ᠂ ᠶᠡᠬᠡ ᠲᠠᠯᠠᠪᠠᠢ ᠲᠠᠢ ᠭᠡᠷ ᠤᠨ ᠬᠤᠳᠠᠯᠳᠤᠬᠤ ᠬᠠᠷᠢᠴᠠᠯ ᠪᠠᠭᠤᠷᠠᠵᠠᠢ᠃ ᠵᠠᠷᠢᠮ ᠰᠤᠳᠤᠯᠭᠠᠨ ᠤ ᠪᠠᠶᠢᠭᠤᠯᠤᠮᠵᠢ ᠶᠢᠨ ᠰᠢᠨᠵᠢᠯᠡᠬᠦ ᠪᠡᠷ᠂ ᠠᠩᠬ᠎ᠠ ᠲᠤᠰᠢᠶᠠᠬᠤ ᠮᠦᠩᠭᠦᠨ ᠤ ᠬᠠᠷᠢᠴᠠᠯ ᠤᠨ ᠨᠡᠮᠡᠭᠳᠡᠭᠰᠡᠨ ᠪᠠ ᠬᠤᠶᠠᠷ ᠡᠴᠡ ᠳᠡᠭᠡᠭᠰᠢᠬᠢ ᠭᠡᠷ ᠲᠠᠢ ᠪᠡᠷ ᠲᠤᠭᠠᠴᠢᠬᠤ ᠲᠦᠷᠦ ᠶᠢᠨ ᠪᠤᠳᠤᠯᠭ᠎ᠠ ᠨᠢ ᠭᠡᠷ ᠬᠤᠳᠠᠯᠳᠤᠨ ᠠᠪᠬᠤ ᠵᠢ ᠤᠯᠠᠮ ᠬᠦᠴᠢᠷ ᠪᠤᠯᠭᠠᠵᠦ᠂ ᠪᠠᠭ᠎ᠠ ᠲᠠᠯᠠᠪᠠᠢ ᠲᠠᠢ ᠭᠡᠷ ᠬᠦᠷᠦᠩᠭᠡ ᠶᠢᠨ ᠰᠤᠯᠢᠯᠴᠠᠭ᠎ᠠ ᠵᠢ ᠠᠬᠢᠭᠤᠯᠤᠬᠰᠠᠨ ᠪᠠᠶᠢᠨ᠎ᠠ᠃

ᠢᠷᠡᠯᠳᠡ᠄ ᠰᠢᠨ ᠵᠢᠩ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122205083