蒙古文网站Logo
ᠰᠢᠨᠬᠤᠸᠠ ᠮᠤᠩᠭ᠋ᠤᠯ ᠨᠧᠲ

ᠢᠳᠡᠭᠡᠮᠵᠢᠲᠤ ᠺᠠᠷᠲ ᠤᠨ ᠲᠤᠬᠠᠶᠢᠯᠠᠬᠰᠠᠨ ᠠᠵᠢᠯ ᠤᠨ ᠠᠩᠬᠠᠷᠤᠭᠳᠠᠬᠤ ᠬᠡᠮᠵᠢᠶ᠎ᠠ ᠳᠤᠷᠤᠭᠰᠢᠯᠠᠪᠠ

2018-01-08 17:10

    ᠤᠶᠢᠷ᠎ᠠ ᠳᠤ᠂ ᠮᠠᠰᠢ ᠤᠯᠠᠨ ᠪᠠᠩᠬᠢ ᠶᠢᠨ ᠢᠳᠡᠭᠡᠮᠵᠢᠲᠤ ᠺᠠᠷᠲ ᠤᠨ ᠲᠦᠪ 2018 ᠤᠨ ᠤ ᠵᠢᠯ ᠤᠨ ᠲᠦᠯᠦᠪᠦᠷᠢ ᠶᠢᠨ ᠬᠦᠩᠭᠡᠯᠡᠯᠲᠠ ᠶᠢᠨ ᠲᠦᠯᠦᠪᠯᠡᠬᠡ ᠬᠡᠷᠡᠭᠵᠢᠬᠦᠯᠬᠦ ᠪᠡᠨ ᠨᠡᠶᠢᠲᠡᠯᠡᠪᠡ᠃ ᠡᠬᠦᠨ ᠳᠤ᠂ ᠫᠦ᠋ ᠹᠠ ᠪᠠᠩᠬᠢ ᠪᠤᠯᠤᠨ ᠭᠤᠧᠠᠩ ᠳ᠋ᠠ ᠪᠠᠩᠬᠢ ᠴᠦᠮ 2017 ᠤᠨ ᠤ ᠢᠳᠡᠭᠡᠮᠵᠢᠲᠤ ᠺᠠᠷᠲ ᠤᠨ ᠬᠦᠩᠭᠡᠯᠡᠯᠲᠠ ᠶᠢᠨ ᠲᠦᠷᠦ ᠶᠢᠨ ᠪᠤᠳᠤᠯᠭ᠎ᠠ ᠪᠡᠨ ᠦᠷᠭᠦᠯᠵᠢᠯᠡᠭᠰᠡᠨ ᠪᠠᠶᠢᠨ᠎ᠠ᠂ ᠫᠦ᠋ ᠹᠠ ᠪᠠᠩᠬᠢ ᠶᠢᠨ ᠲᠤᠰ ᠤᠳᠠᠭᠠᠨ ᠤ ᠬᠦᠩᠭᠡᠯᠡᠯᠲᠠ ᠳᠤ ᠤᠷᠤᠯᠴᠠᠬᠤ ᠭᠤᠤᠯ ᠳᠡᠳ᠋ ᠺᠠᠷᠲ ᠤᠨ ᠵᠢᠯ ᠤᠨ ᠲᠦᠯᠦᠪᠦᠷᠢ  ᠶᠢ ᠬᠡᠯᠳᠤᠷᠢᠬᠦᠯᠬᠦ ᠢᠳᠡᠭᠡᠮᠵᠢᠲᠤ ᠺᠠᠷᠲ 62 ᠲᠦᠷᠦᠯ ᠪᠤᠢ᠃

    ᠬᠤᠪᠢ ᠬᠦᠮᠦᠨ ᠤ ᠬᠡᠷᠡᠭᠯᠡᠬᠡᠨ ᠤ ᠵᠢᠬᠡᠯᠡᠯᠬᠡ ᠪᠠ ᠡᠳ᠋ ᠬᠦᠷᠦᠩᠭᠡ ᠶᠢᠨ ᠬᠠᠮᠢᠶᠠᠷᠤᠯᠲᠠ ᠨᠢ ᠬᠤᠪᠢ ᠬᠦᠮᠦᠨ ᠤ ᠲᠤᠬᠠᠶᠢᠯᠠᠬᠰᠠᠨ ᠠᠵᠢᠯ ᠳᠤ ᠡᠵᠡᠯᠡᠬᠦ ᠬᠠᠷᠢᠴᠠᠯ ᠳᠠᠰᠤᠷᠠᠯᠲᠠ ᠦᠬᠡᠢ ᠨᠡᠮᠡᠭᠳᠡᠭᠰᠡᠨ ᠡᠴᠡ ᠢᠳᠡᠭᠡᠮᠵᠢᠲᠤ ᠺᠠᠷᠲ ᠤᠨ ᠲᠤᠬᠠᠶᠢᠯᠠᠬᠰᠠᠨ ᠠᠵᠢᠯ ᠤᠨ ᠠᠩᠬᠠᠷᠤᠭᠳᠠᠬᠤ ᠬᠡᠮᠵᠢᠶ᠎ᠠ ᠳᠠᠰᠤᠷᠠᠯᠲᠠ ᠦᠬᠡᠢ ᠳᠤᠷᠤᠭᠰᠢᠯᠡᠵᠡᠢ᠃ ᠳᠤᠮᠳᠠᠳᠤ ᠤᠯᠤᠰ ᠤᠨ ᠪᠠᠩᠬᠢ ᠶᠢᠨ ᠬᠢᠨ ᠤ ᠨᠡᠶᠢᠬᠡᠮᠯᠢᠭ᠌ ᠤᠨ ᠨᠡᠶᠢᠲᠡᠯᠡᠭᠰᠡᠨ 《2017 ᠳᠤᠮᠳᠠᠳᠤ ᠤᠯᠤᠰ ᠤᠨ ᠪᠠᠩᠬᠢ ᠶᠢᠨ ᠬᠢᠨ ᠤ ᠪᠠᠶᠢᠴᠠᠭᠠᠯᠲᠠ ᠶᠢᠨ ᠢᠯᠡᠳᠭᠡᠯ》 ᠳᠤ ᠢᠯᠡᠷᠡᠭᠦᠯᠦᠭᠰᠡᠨ  ᠢᠶᠡᠷ᠂ ᠬᠤᠪᠢ ᠬᠦᠮᠦᠨ ᠤ ᠮᠦᠩᠬᠦᠨ ᠬᠦᠢᠯᠬᠡᠬᠡᠨ ᠤ ᠲᠤᠬᠠᠶᠢᠯᠠᠬᠰᠠᠨ ᠠᠵᠢᠯ ᠤᠨ ᠬᠦᠭ᠍ᠵᠢᠯᠲᠠ ᠶᠢᠨ ᠪᠠᠶᠢᠴᠠᠭᠠᠯᠲᠠ ᠳᠤ ᠬᠤᠪᠢ ᠶᠢᠨ ᠪᠠᠩᠬᠢ ᠨᠢᠬᠡᠨᠲᠠ ᠢᠳᠡᠭᠡᠮᠵᠢᠲᠤ ᠺᠠᠷᠲ ᠤᠨ ᠲᠤᠬᠠᠶᠢᠯᠠᠬᠰᠠᠨ ᠠᠵᠢᠯ ᠢ ᠤᠷᠤᠯᠠᠭᠠᠳ ᠠᠩᠬᠠᠷᠤᠭᠳᠠᠬᠤ ᠬᠡᠮᠵᠢᠶ᠎ᠠ ᠨᠢ ᠭᠤᠷᠪᠠᠳᠤᠭᠠᠷ ᠲᠤ ᠲᠤᠳᠤᠷᠠᠬᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠡᠳ᠋ ᠤᠨ ᠵᠠᠰᠠᠭ ᠤᠨ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011100001122228008