蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠤᠨ ᠰᠢᠲᠠᠭᠠᠯᠭ᠎ᠠ ᠶᠢᠨ ᠨᠡᠭᠦᠷᠡᠰᠦᠨ ᠤ ᠦᠨ᠎ᠡ ᠪᠠᠭ᠎ᠠ ᠬᠡᠮᠵᠢᠶ᠎ᠡ ᠪᠡᠷ ᠦᠰᠴᠡᠢ

2018-01-12 17:13

    ᠰᠢᠨᠬᠤᠸᠠ ᠬᠤᠷᠢᠶ᠎ᠠ  ᠬᠦᠬᠡᠬᠤᠲᠠ ᠶᠢᠨ 1 ᠰᠠᠷ᠎ᠠ ᠶᠢᠨ 12 ᠤ᠋ᠨ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠳ᠋ᠦᠩ ᠯᠦ) ᠰᠤᠷᠪᠤᠯᠵᠢᠯᠠᠬᠴᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠦᠨ᠎ᠡ  ᠬᠠᠨᠭᠰᠢ ᠰᠢᠯᠭᠠᠬᠤ ᠲᠦᠪ ᠡᠴᠡ ᠤᠶᠢᠯᠠᠭᠠᠬᠰᠠᠨ ᠢᠶᠡᠷ᠂ 2017 ᠤᠨ ᠤ 12 ᠳ᠋ᠤᠭᠠᠷ ᠰᠠᠷ᠎ᠠ ᠳᠤ ᠦᠪᠦᠷ ᠮᠤᠨᠭᠭᠤᠯ ᠤᠨ ᠰᠢᠲᠠᠭᠠᠯᠭ᠎ᠠ ᠶᠢᠨ ᠨᠡᠭᠦᠷᠡᠰᠦᠨ ᠤ ᠭᠠᠷᠤᠯᠲᠠ ᠶᠢᠨ ᠭᠤᠤᠯ ᠪᠤᠯᠬᠤ ᠪᠦᠰᠡ ᠶᠢᠨ ᠠᠭᠤᠷᠬᠠᠢ ᠡᠴᠡ ᠭᠠᠷᠬᠤ ᠳᠤᠮᠳᠠᠴᠢ ᠦᠨ᠎ᠡ ᠤᠷᠢᠳᠠᠪᠡᠷ ᠦᠰᠴᠦ ᠰᠡᠭᠦᠯ ᠳᠤᠨᠢ ᠪᠠᠭᠤᠷᠠᠭᠠᠳ ᠲᠤᠨ ᠪᠦᠷᠢ ᠳᠤ 213.83 ᠲᠦᠭᠦᠷᠢᠭ᠌ ᠪᠤᠯᠵᠦ᠂ ᠦᠩᠭᠡᠷᠡᠭᠰᠡᠨ ᠡᠭᠡᠯᠵᠢ ᠡᠴᠡ ᠪᠠᠨ 0.01% ᠪᠡᠷ ᠦᠰᠴᠦ᠂ ᠦᠩᠭᠡᠷᠡᠭᠰᠡᠨ ᠤᠨ ᠤ ᠮᠦᠨ ᠦᠶ᠎ᠡ ᠡᠴᠡ ᠪᠠᠨ 6.46% ᠪᠡᠷ ᠦᠰᠦᠭᠰᠡᠨ ᠪᠠᠶᠢᠨ᠎ᠠ᠃

    ᠡᠭᠦᠨ ᠤ ᠵᠡᠷᠭᠡᠪᠡᠷ ᠦᠪᠦᠷ ᠮᠤᠨᠭᠭᠤᠯ ᠤᠨ ᠴᠠᠬᠢᠯᠭᠠᠨ ᠡᠷᠴᠢᠮ ᠬᠦᠴᠦᠨ ᠤ ᠨᠡᠭᠦᠷᠡᠰᠦ ᠶᠢᠨ ᠬᠤᠳᠠᠯᠳᠤᠨ ᠠᠪᠬᠤ ᠳᠤᠮᠳᠠᠴᠢ ᠦᠨ᠎ᠡ ᠲᠤᠨ ᠪᠦᠷᠢ 206.29 ᠲᠦᠭᠦᠷᠢᠭ᠌ ᠪᠤᠯᠵᠦ᠂ ᠦᠩᠭᠡᠷᠡᠭᠰᠡᠨ ᠡᠭᠡᠯᠵᠢ ᠡᠴᠡ ᠪᠠᠨ 2.54% ᠪᠡᠷ ᠦᠰᠴᠦ᠂ ᠦᠩᠭᠡᠷᠡᠭᠰᠡᠨ ᠤᠨ ᠤ ᠮᠦᠨ ᠦᠶ᠎ᠡ ᠡᠴᠡ ᠪᠠᠨ 6.43% ᠪᠡᠷ ᠦᠰᠦᠭᠡᠳ᠂ ᠦᠰᠦᠯᠲᠡ ᠶᠢᠨ ᠬᠡᠮᠵᠢᠶ᠎ᠡ 9.62 ᠵᠠᠭᠤᠨ ᠤ ᠨᠢᠭᠡᠴᠢ ᠪᠠᠭᠤᠷᠠᠬᠰᠠᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122251507