蒙古文网站Logo
ᠰᠢᠨᠬᠤᠸᠠ ᠮᠤᠩᠭ᠋ᠤᠯ ᠨᠧᠲ

ᠲᠡᠯᠡᠬᠡᠢ ᠶᠢᠨ ᠴᠡᠴᠡᠷᠯᠢᠭᠵᠢᠬᠦᠯᠦᠯᠳᠡ ᠶᠢᠨ ᠦᠵᠡᠰᠬᠦᠯᠡᠩ ᠤᠨ ᠲᠠᠯᠠᠪᠤᠷ

2016-03-14 16:37

ᠲᠠᠩᠱᠠᠨ ᠤ ᠲᠡᠯᠡᠬᠡᠢ ᠶᠢᠨ ᠴᠡᠴᠡᠷᠯᠢᠭᠵᠢᠬᠦᠯᠦᠯᠳᠡ ᠶᠢᠨ ᠦᠵᠡᠰᠬᠦᠯᠡᠩ ᠤᠨ ᠲᠠᠯᠠᠪᠤᠷ ᠳᠡᠬᠢ ᠤᠯᠠᠨ ᠤᠯᠤᠰ ᠤᠨ ᠬᠦᠷᠢᠶᠡᠯᠡᠩ

    《2016 ᠤᠨ ᠤ ᠲᠠᠩᠱᠠᠨ ᠤ ᠲᠡᠯᠡᠬᠡᠢ ᠶᠢᠨ ᠴᠡᠴᠡᠷᠯᠢᠭᠵᠢᠬᠦᠯᠦᠯᠳᠡ ᠶᠢᠨ ᠦᠵᠡᠰᠬᠦᠯᠡᠩ》4 ᠰᠠᠷ᠎ᠠ ᠶᠢᠨ 29 -10 ᠰᠠᠷ᠎ᠠ ᠶᠢᠨ 16 ᠤ ᠡᠳᠤᠷ ᠪᠤᠯᠳᠠᠯ᠎ᠠ ᠾᠧᠪᠧᠢ ᠮᠤᠵᠢ ᠶᠢᠨ ᠲᠠᠩᠱᠠᠨ ᠬᠤᠳᠠ ᠶᠢᠨ ᠨᠠᠨ ᠬᠤ ᠴᠡᠴᠡᠷᠯᠢᠭ᠌᠌ ᠲᠤ ᠶᠠᠪᠤᠭᠳᠠᠨ᠎ᠠ᠃

    ᠲᠤᠰ ᠤᠳᠠᠭᠠᠨ ᠤ ᠦᠵᠡᠰᠬᠦᠯᠡᠩ ᠪᠤᠯ 1999 ᠤᠨ ᠤ ᠺᠦᠨᠮᠢᠩ ᠂ 2006 ᠤᠨ ᠤ ᠮᠦᠭᠳᠠᠨ  ᠂ 2011 ᠤᠨ ᠤ ᠰᠢ ᠠᠨ᠂ 2014 ᠤᠨ ᠤ ᠴᠢᠩᠳᠤᠤ ᠶᠢᠨ ᠲᠡᠯᠡᠬᠡᠢ ᠶᠢᠨ ᠴᠡᠴᠡᠷᠯᠢᠭ᠌᠌ ᠤᠨ ᠦᠵᠡᠰᠬᠦᠯᠡᠩ ᠤᠨ ᠲᠠᠷᠠᠭᠠᠬᠢ ᠲᠤᠮᠳᠠᠳᠤ ᠤᠯᠤᠰ ᠤᠨ ᠡᠬᠡ ᠬᠠᠭᠤᠷᠠᠢ ᠲᠡᠭᠡᠷ᠎ᠡ ᠶᠠᠪᠤᠭᠳᠠᠵᠤ ᠪᠠᠶᠢᠭ᠎ᠠ ᠲᠠᠪᠤᠳᠠᠬᠢ ᠡᠬᠡᠯᠵᠢ ᠶᠢᠨ ᠲᠡᠯᠡᠬᠡᠢ ᠶᠢᠨ ᠴᠡᠴᠡᠷᠯᠢᠭ᠌᠌᠌ ᠤᠨ ᠦᠵᠡᠰᠬᠦᠯᠡᠩ ᠪᠤᠯᠤᠨ᠎ᠠ᠃

    ᠤᠶᠢᠯᠠᠭᠠᠭᠰᠠᠨ ᠢᠶᠡᠷ᠂ ᠲᠠᠩᠱᠠᠨ ᠤ ᠲᠡᠯᠡᠬᠡᠢ ᠶᠢᠨ ᠴᠡᠴᠡᠷᠯᠢᠭᠵᠢᠬᠦᠯᠦᠯᠳᠡ ᠶᠢᠨ ᠦᠵᠡᠰᠬᠦᠯᠡᠩ ᠪᠤᠯ ᠤᠯᠠᠨ ᠤᠯᠤᠰ ᠤᠨ ᠴᠡᠴᠡᠷᠯᠢᠭ᠌᠌ ᠤᠨ ᠤᠷᠠᠯᠢᠭᠴᠢᠳ ᠤᠨ ᠬᠠᠮᠳᠤᠷᠠᠨ ᠡᠷᠬᠢᠯᠡᠭᠭᠰᠡᠨ ᠠᠨᠭᠬᠠᠨ ᠤ ᠲᠠᠷᠢᠶᠠᠨ ᠭᠠᠵᠠᠷ ᠬᠡᠷᠡᠭᠯᠡᠭᠰᠡᠨ ᠦᠭᠡᠢ ᠲᠡᠯᠡᠬᠡᠢ ᠶᠢᠨ ᠦᠵᠡᠰᠬᠦᠯᠡᠩ ᠪᠤᠯᠤᠨ᠎ᠠ᠃ ᠲᠦᠰᠦᠪᠯᠡᠭᠰᠡᠨ ᠶᠡᠷᠦᠩᠬᠡᠢ ᠲᠠᠯᠠᠪᠠᠢ ᠨᠢ 22.6 ᠺᠦᠧᠠᠳ᠋ ᠺᠢᠯᠤᠮᠧᠲ᠋ᠷ᠂ ᠡᠬᠦᠨ ᠳᠤ ᠭᠤᠤᠯᠳᠠᠯᠭ᠎ᠠ ᠲᠠᠢ ᠤᠷᠤᠨ ᠨᠢ 5.4 ᠺᠦᠧᠠᠳ᠋ ᠺᠢᠯᠤᠮᠧᠲ᠋ᠷ᠂ ᠲᠤᠷᠰᠶᠯᠲᠠ ᠶᠢᠨ ᠤᠷᠤᠨ17.2 ᠺᠦᠧᠠᠳ᠋ ᠺᠢᠯᠤᠮᠧᠲ᠋ᠷ᠃ ᠭᠤᠤᠯ ᠤᠷᠤᠨ ᠤ ᠶᠡᠷᠦᠩᠬᠡᠢ ᠪᠠᠶᠢᠷᠢᠯᠠᠭᠤᠯᠤᠯᠳᠠ ᠨᠢ 《 ᠨᠢᠬᠡ ᠲᠡᠩᠬᠡᠯᠢᠭ᠌ ᠨᠠᠶ᠋ᠮᠠᠨ ᠬᠦᠷᠢᠶᠡᠯᠡᠩ》᠃《 ᠨᠢᠬᠡ ᠲᠡᠩᠬᠡᠯᠢᠭ᠌》ᠬᠡᠳᠡᠭ ᠨᠢ ᠭᠤᠤᠯ ᠦᠵᠡᠮᠵᠡᠢ ᠶᠢᠨ ᠲᠡᠩᠬᠡᠯᠢᠭ᠌᠂ 《ᠨᠠᠶ᠋ᠮᠠᠨ ᠬᠦᠷᠢᠶᠡᠯᠡᠩ》 ᠨᠢ ᠤᠯᠤᠰ ᠤᠨ ᠲᠤᠳᠤᠭᠠᠳᠤ ᠶᠢᠨ ᠬᠦᠷᠢᠶᠡᠯᠡᠩ ᠂ ᠤᠯᠠᠨ ᠤᠯᠤᠰ ᠤᠨ ᠬᠦᠷᠢᠶᠡᠯᠡᠩ ᠂ ᠲᠦᠰᠦᠪᠯᠡᠭᠴᠢ ᠶᠢᠨ ᠬᠦᠷᠢᠶᠡᠯᠡᠩ ᠂ ᠲᠤᠤᠷ᠎ᠠ ᠨᠡᠬᠦᠷᠡᠰᠦᠳᠤᠷᠤᠭ᠍ᠴᠢᠳᠤ ᠠᠮᠢᠳᠤᠷᠠᠯ ᠤᠨ ᠬᠦᠷᠢᠶᠡᠯᠡᠭ᠂ ᠪᠠᠭᠠᠴᠤᠳ ᠤᠨ ᠲᠡᠯᠡᠬᠡᠢ ᠶᠢᠨ ᠦᠵᠡᠰᠬᠦᠯᠡᠩ᠂ ᠠᠮᠢ ᠠᠬᠤᠢ ᠶᠢᠨ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠬᠦᠷᠢᠶᠡᠯᠡᠩ ᠂ ᠠᠵᠤ ᠦᠢᠯᠡᠳᠪᠦᠷᠢ ᠶᠢᠨ ᠡᠬᠦᠳᠦᠯᠲᠡ ᠶᠢᠨ ᠬᠦᠷᠢᠶᠡᠯᠡᠩ ᠪᠠ ᠲᠤᠰᠬᠠᠢ ᠲᠦᠷᠦᠯ ᠤᠨ ᠤᠷᠭᠤᠮᠠᠯ ᠤᠨ ᠬᠦᠷᠢᠶᠡᠯᠡᠩ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691118326534